ᠴᠢᠶᠣᠣ ᠷᠦᠢ ᠫᠢᠩ
ᠨᠡᠶᠢᠲᠡᠯᠡᠭᠰᠡᠨ ᠴᠠᠭ᠄
2023/5/26
ᠲᠣᠪᠴᠢ ᠲᠠᠨᠢᠯᠴᠠᠭᠤᠯᠭ᠎ᠠ    ᠴᠢᠶᠣᠤ ᠷᠦᠢ ᠫᠢᠩ᠂ ᠡᠮᠡᠭᠲᠡᠶ᠂ ᠬᠢᠲᠠᠳ ᠦᠨᠳᠦᠰᠦᠲᠡᠨ᠂ 1970 ᠣᠨ ᠤ 1 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠲᠡᠷᠢᠭᠦᠯᠡᠭᠴᠢ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠠᠵᠢᠯ ᠢ ᠬᠤᠪᠢᠳᠠᠨ ᠬᠠᠮᠢᠶᠠᠷᠴᠤ᠂ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠬᠤ ᠶᠢᠨ ᠬᠠᠮᠲᠤ ᠨᠡᠶᠢᠭᠡᠮ ᠤᠨ ᠬᠠᠤᠯᠢ ᠳᠦᠷᠢᠮ ᠪᠣᠯᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠲᠡᠭᠡᠳ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠠᠢ ᠬᠠᠷᠢᠯᠴᠠᠵᠤ᠂ ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠠᠯᠪᠠᠨ ᠬᠡᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠪᠠ ᠬᠥᠳᠡᠭᠡ ᠲᠣᠰᠬᠤᠨ ᠤ ᠠᠵᠤ ᠠᠬᠤᠶ᠂ ᠠᠮᠢ ᠠᠬᠤᠶ ᠶᠢᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠲᠤᠭ᠎ᠠ ᠪᠦᠷᠢᠳᠬᠡᠯ ᠤᠨ ᠬᠢᠨᠠᠨ ᠪᠣᠳᠣᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠠᠷᠢᠯᠴᠠᠬᠤ ᠨᠢᠭᠡᠴᠡ᠄ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠤᠯᠤᠰ ᠠᠴᠠ ᠪᠠᠶᠢᠴᠠᠭᠠᠬᠤ ᠠᠩᠭᠢ᠂ ᠬᠢᠨᠠᠨ ᠪᠤᠳᠤᠬᠤ ᠲᠣᠪᠴᠢᠶ᠎ᠠ᠂ ᠪᠠᠩᠬᠢ ᠶᠢᠨ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ᠂ ᠠᠷᠠᠳ ᠤᠨ ᠪᠠᠩᠬᠢ᠂ ᠲᠠᠷᠢᠶᠠᠯᠠᠩ ᠤᠨ ᠪᠠᠩᠬᠢ᠂ ᠬᠤᠳᠠᠯᠳᠤᠭᠠᠨ ᠤ ᠶᠠᠪᠤᠳᠠᠯ ᠤᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠮᠧᠩ ᠱᠠᠩ ᠪᠠᠩᠬᠢ᠂ ᠥᠪᠥᠷ ᠮᠣᠩᠭᠤᠯ ᠤᠨ ᠪᠠᠩᠬᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2