ᠵᠢᠩ ᠰᠢ
ᠨᠡᠶᠢᠲᠡᠯᠡᠭᠰᠡᠨ ᠴᠠᠭ᠄
2023/5/27
ᠲᠣᠪᠴᠢ ᠲᠠᠨᠢᠯᠴᠠᠭᠤᠯᠭ᠎ᠠ    ᠵᠢᠩ ᠰᠢ᠂ ᠡᠷᠡᠭᠲᠡᠢ᠂ ᠬᠢᠲᠠᠳ ᠦᠨᠳᠦᠰᠦᠲᠡᠨ᠂ 1964 ᠣᠨ ᠤ 6 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠲᠠᠢ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠡᠷᠬᠢᠯᠡᠭᠴᠢ ᠶᠢ ᠬᠠᠪᠰᠤᠷᠤᠨ ᠲᠥᠯᠥᠪᠯᠡᠭᠡ ᠲᠥᠰᠦᠪ ᠢ ᠬᠢᠨᠠᠨ ᠪᠠᠶᠢᠴᠠᠭᠠᠬᠤ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠬᠢᠨᠠᠨ ᠪᠤᠳᠤᠯᠳᠠ ᠶᠢᠨ ᠲᠤᠭ᠎ᠠ ᠪᠦᠷᠢᠳᠬᠡᠯ᠂ ᠰᠣᠩᠭᠤᠭᠤᠯᠢ ᠶᠢ ᠲᠣᠮᠢᠯᠠᠵᠤ ᠪᠠᠭᠤᠯᠭᠠᠬᠤ᠂ ᠲᠥᠯᠥᠭᠡᠯᠡᠭᠴᠢᠳ ᠤᠨ ᠰᠠᠨᠠᠭᠤᠯᠭ᠎ᠠ ᠰᠠᠨᠠᠯ ᠢ ᠲᠤᠰᠢᠶᠠᠨ ᠰᠢᠢᠳᠪᠦᠷᠢᠯᠡᠭᠦᠯᠬᠦ᠂ ᠲᠥᠯᠥᠭᠡᠯᠡᠭᠴᠢᠳ ᠲᠠᠢ ᠬᠠᠷᠢᠯᠴᠠᠬᠤ ᠪᠠ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠡᠷᠭᠡ ᠠᠵᠢᠯ ᠢ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠵᠥᠪᠯᠡᠯ ᠪᠣᠯᠤᠨ ᠰᠣᠩᠭᠤᠨ ᠲᠣᠮᠢᠯᠠᠬᠤ ᠬᠤᠯᠪᠣᠭᠠᠲᠤ ᠠᠵᠢᠯ ᠤᠨ ᠵᠥᠪᠯᠡᠯ ᠢ ᠬᠤᠪᠢᠳᠠᠨ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠ ᠶᠢᠨ ᠬᠠᠮᠢᠶᠠᠷᠤᠯᠲᠠ᠂ ᠰᠢᠦᠳᠠᠨ ᠤ ᠴᠠᠬᠢᠯᠭᠠᠨ ᠬᠦᠴᠦ᠂ ᠰᠦᠯᠵᠢᠶᠡᠨ ᠤ ᠴᠢᠮᠡᠭᠡ ᠬᠤᠯᠪᠣᠭ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠳᠪᠦᠷᠢ ᠶᠢᠨ ᠠᠵᠤ ᠠᠬᠤᠢ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠵᠣᠬᠢᠴᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2