ᠷᠧᠨ ᠬᠠᠢ ᠴᠢᠩ
ᠨᠡᠶᠢᠲᠡᠯᠡᠭᠰᠡᠨ ᠴᠠᠭ᠄
2023/5/27
ᠲᠣᠪᠴᠢ ᠲᠠᠨᠢᠯᠴᠠᠭᠤᠯᠭ᠎ᠠ    ᠷᠧᠨ ᠬᠠᠢ ᠴᠢᠩ᠂ ᠡᠷᠡᠭᠲᠡᠢ᠂ ᠬᠢᠲᠠᠳ ᠦᠨᠳᠦᠰᠦᠲᠡᠨ᠂ 1969 ᠣᠨ ᠤ 8 ᠰᠠᠷ᠎ᠠ ᠳᠤ ᠲᠦᠷᠦᠵᠠᠢ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ ᠤ ᠨᠠᠮ ᠤᠨ ᠬᠤᠷᠢᠶᠠᠨ ᠤ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠲᠡᠷᠢᠭᠦᠯᠡᠭᠴᠢ ᠶᠢ ᠬᠠᠪᠰᠤᠷᠤᠨ ᠠᠯᠪᠠᠨ ᠭᠡᠷ᠂ ᠰᠤᠶᠤᠯ ᠲᠡᠤᠬᠡ ᠶᠢᠨ ᠰᠤᠷᠤᠯᠴᠠᠯᠭ᠎ᠠ ᠪᠠ ᠦᠨᠳᠦᠰᠦᠲᠡᠨ ᠱᠠᠰᠢᠨ ᠰᠤᠷᠲᠠᠬᠤᠨ ᠤ ᠵᠥᠪᠯᠡᠯ ᠤᠨ ᠠᠵᠢᠯ ᠢ ᠬᠤᠪᠢᠳᠠᠨ ᠬᠠᠮᠢᠶᠠᠷᠴᠤ᠂ ᠬᠦᠷᠢᠶ᠎ᠡ ᠴᠠᠷᠠᠭᠠᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠬᠤ ᠶᠢᠨ ᠬᠠᠮᠲᠤ ᠠᠵᠤ ᠠᠬᠤᠶ ᠶᠢᠨ ᠵᠥᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯᠴᠢᠨ ᠤ ᠡᠪᠯᠡᠯ᠂ ᠴᠥᠭᠡᠨ ᠲᠣᠭᠠᠲᠤ ᠦᠨᠳᠦᠰᠦᠲᠡᠨ ᠤ ᠱᠠᠰᠢᠨ ᠰᠤᠷᠲᠠᠬᠤᠨ ᠤ ᠡᠲᠡᠭᠡᠳ᠂ ᠨᠠᠮ ᠪᠦᠯᠦᠭ ᠤᠨ ᠪᠤᠰᠤ ᠬᠥᠮᠦᠰ ᠤᠨ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠲᠠᠢ ᠬᠠᠷᠢᠯᠴᠠᠵᠤ᠂ ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠨᠠᠮ ᠪᠠ ᠣᠯᠠᠨ ᠲᠦᠮᠡᠨ ᠤ ᠵᠣᠬᠢᠶᠠᠨ ᠪᠠᠶᠢᠭᠤᠯᠤᠯᠲᠠ᠂ ᠵᠡᠪᠰᠡᠭᠲᠦ ᠬᠦᠴᠦᠨ᠂ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠲᠠᠯ᠎ᠠ ᠲᠠᠢ ᠬᠠᠷᠢᠯᠴᠠᠬᠤ ᠠᠵᠢᠯ ᠢ ᠬᠠᠷᠢᠭᠤᠴᠠᠨ᠎ᠠ᠃ ᠬᠠᠷᠢᠯᠴᠠᠬᠤ ᠨᠢᠭᠡᠴᠡ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠲᠣᠭᠤᠷᠢᠨ ᠪᠠᠶᠢᠴᠠᠭᠠᠬᠤ ᠠᠯᠪᠠᠨ ᠬᠡᠷ᠂ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ᠂ ᠨᠠᠮ ᠤᠨ ᠰᠤᠷᠭᠠᠭᠤᠯᠢ᠂ ᠡᠪᠯᠡᠯ ᠤᠨ ᠬᠤᠷᠢᠶ᠎ᠠ᠂ ᠠᠵᠢᠯᠴᠢᠨ ᠤ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2