ᠶᠠᠩ ᠸᠧᠨ ᠾᠦᠢ 2023 ᠣᠨ ᠤ 7 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/29
   5 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ 2023 ᠣᠨ ᠤ ᠳᠣᠯᠣᠳᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ 1 - 5 ᠰᠠᠷ᠎ᠠ ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠵᠢᠴᠢ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
       ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠮᠥᠷᠳᠡᠨ ᠵᠠᠳᠠᠯᠵᠤ ᠰᠤᠳᠤᠯᠤᠨ ᠮᠠᠭᠠᠳᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠴᠠᠭ ᠬᠠᠭᠠᠰ ᠠᠴᠠ ᠬᠡᠲᠦᠷᠡᠵᠦ᠂ ᠡᠭᠦᠷᠭᠡ ᠪᠠᠨ ᠬᠠᠭᠠᠰ ᠠᠴᠠ ᠬᠡᠲᠦᠷᠡᠭᠦᠯᠬᠦ︾ ᠶᠢ ᠦᠨᠡᠨᠬᠦ ᠪᠠᠲᠤᠯᠠᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠵᠠᠩ ᠿᠢ ᠭᠤᠤ᠂ ᠵᠠᠩ ᠭᠤᠸᠠᠩ᠂ ᠶᠤᠸᠠᠨ ᠬᠠᠢ ᠬᠤᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2