ᠶᠠᠩ ᠸᠧᠨ ᠾᠦᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠢ ᠶᠢᠨ ᠲᠠᠯᠠᠪᠤᠷ ᠲᠤ ᠠᠵᠢᠯᠯᠠᠪᠠ
ᠨᠡᠶᠢᠲᠡᠯᠡᠭᠰᠡᠨ ᠴᠠᠭ᠄
2023/5/29
  5 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃
   ᠶᠠᠩ ᠸᠧᠨ ᠾᠦᠢ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠢᠰᠲ᠋ᠧᠮ ᠲᠠᠢ ᠲᠥᠯᠥᠪᠵᠢᠭᠦᠯᠵᠦ᠂ ᠢᠳᠡᠪᠬᠢᠲᠡᠢ ᠠᠵᠢᠯᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
   ᠳᠠᠷᠠᠭ᠎ᠠ ᠨᠢ᠂ ᠶᠠᠩ ᠸᠧᠨ ᠾᠦᠢ ᠬᠤᠷᠠᠯ ᠡᠷᠭᠢᠯᠡᠨ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2