ᠵᠠᠩ ᠶᠦᠨ
ᠨᠡᠶᠢᠲᠡᠯᠡᠭᠰᠡᠨ ᠴᠠᠭ᠄
2023/5/29
ᠲᠣᠪᠴᠢ ᠲᠠᠨᠢᠯᠴᠠᠭᠤᠯᠭ᠎ᠠ    ᠵᠠᠩ ᠶᠦᠨ᠂ ᠡᠷᠡᠭᠲᠡᠢ᠂ ᠬᠢᠲᠠᠳ ᠦᠨᠳᠦᠰᠦᠲᠡᠨ᠂ 1964 ᠣᠨ ᠤ 8 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠡᠷᠬᠢᠯᠡᠭᠴᠢ ᠶᠢ ᠬᠠᠪᠰᠤᠷᠤᠨ ᠪᠠᠶᠢᠭᠤᠯᠭ᠎ᠠ ᠶᠢᠨ ᠨᠠᠮ ᠤᠨ ᠠᠵᠢᠯ᠂ ᠡᠳᠦᠷ ᠲᠤᠲᠤᠮ ᠤᠨ ᠬᠡᠷᠡᠭ ᠶᠠᠪᠤᠳᠠᠯ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠬᠦᠷᠢᠶ᠎ᠡ ᠴᠠᠷᠠᠭ᠎ᠠ ᠪᠠ ᠬᠠᠤᠯᠢ ᠲᠦᠷᠢᠮ ᠤᠨ ᠠᠵᠢᠯ ᠤᠨ ᠵᠥᠪᠯᠡᠯ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠤᠨ᠎ᠠ᠃ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠤᠬᠠᠭᠤᠯᠬᠤ ᠵᠡᠷᠭᠡ ᠲᠠᠯ᠎ᠠ ᠶᠢᠨ ᠠᠵᠢᠯ ᠢ ᠵᠣᠬᠢᠴᠠᠭᠤᠯᠤᠨ᠎ᠠ᠃ ᠡᠷᠬᠢᠯᠡᠭᠴᠢ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2