ᠵᠠᠩ ᠿᠢ ᠭᠤᠤ
ᠨᠡᠶᠢᠲᠡᠯᠡᠭᠰᠡᠨ ᠴᠠᠭ᠄
2023/5/29
ᠲᠣᠪᠴᠢ ᠲᠠᠨᠢᠯᠴᠠᠭᠤᠯᠭ᠎ᠠ    ᠵᠠᠩ ᠿᠢ ᠭᠤᠤ᠂ ᠡᠷᠡᠭᠲᠡᠶ᠂ ᠬᠢᠲᠠᠳ ᠦᠨᠳᠦᠰᠦᠲᠡᠨ᠂ 1970 ᠣᠨ ᠤ 8 ᠰᠠᠷ᠎ᠠ ᠳᠤ ᠲᠦᠷᠦᠵᠡᠢ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠱᠠᠩᠳᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠃    ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠰᠢᠶᠠᠨ ᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠂ ᠵᠠᠮ ᠬᠠᠷᠢᠯᠴᠠᠭᠠᠨ ᠤ ᠲᠣᠪᠴᠢᠶ᠎ᠠ ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠦᠢᠲᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠴᠠᠬᠢᠯᠭᠠᠨ ᠬᠠᠩᠭᠠᠬᠤ ᠺᠣᠮᠫᠠᠨᠢ᠂ ᠰᠢᠦᠳᠠᠨ ᠤ ᠬᠤᠪᠢᠶᠠᠷᠢ ᠺᠣᠮᠫᠠᠨᠢ᠂ ᠴᠢᠯᠠᠭᠤᠨ ᠲᠣᠰᠣᠨ ᠤ ᠺᠣᠮᠫᠠᠨᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠭᠠᠯᠲᠤ ᠲᠡᠷᠭᠡᠨ ᠥᠷᠲᠡᠭᠡ ᠲᠠᠢ ᠬᠠᠷᠢᠯᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2