ᠱᠠᠩᠳᠤ ᠰᠢᠶᠠᠨ ᠤ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢ ᠵᠥᠪᠰᠢᠶᠡᠷᠡᠬᠦ ᠬᠠᠮᠢᠶᠠᠷᠤᠯᠲᠠ ᠶᠢᠨ ᠲᠦᠷᠢᠮ
ᠨᠡᠶᠢᠲᠡᠯᠡᠭᠰᠡᠨ ᠴᠠᠭ᠄
2023/6/15
ᠨᠢᠭᠡᠳᠦᠭᠡᠷ ᠵᠦᠢᠯᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠶᠠᠨ ᠰᠢᠶᠠᠩ ᠤᠨ ᠲᠤᠰᠢᠶᠠᠯ ᠬᠠᠷᠢᠭᠤᠴᠠᠯᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠵᠤ᠂ ᠦᠨᠳᠦᠰᠦᠨ ᠱᠠᠲᠤᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠵᠢᠷᠤᠮᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠦᠷ᠎ᠡ ᠠᠰᠢᠭ ᠢ ᠦᠨᠡᠨ ᠬᠦ ᠨᠡᠮᠡᠭᠳᠡᠭᠦᠯᠬᠦ ᠶᠢᠨ ᠲᠥᠯᠥᠭᠡ ᠶᠤᠮ᠃ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠦᠨᠳᠦᠰᠦᠨ ᠱᠠᠲᠤᠨ ᠤ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2019﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ᠬᠤᠶᠠᠳᠤᠭᠠᠷ ᠵᠦᠢᠯᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢ ᠵᠥᠪᠰᠢᠶᠡᠷᠡᠨ ᠣᠷᠣᠭᠤᠯᠬᠤ ᠭᠡᠳᠡᠭ ᠪᠣᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠬᠠᠤᠯᠢ ᠴᠠᠭᠠᠵᠠ ᠬᠠᠤᠯᠢ ᠲᠣᠭᠲᠠᠭᠠᠯ ᠪᠠ ︽ᠭᠤᠷᠪᠠ ᠶᠢ ᠲᠣᠭᠲᠠᠭᠠᠬᠤ︾ ᠲᠣᠭᠲᠠᠭᠠᠯ ᠢ ᠲᠣᠳᠣᠷᠬᠠᠢ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠶᠠᠩ ᠪᠠᠯᠭᠠᠰᠤᠨ ᠳᠤ ᠨᠠᠶᠢᠳᠠᠨ ᠳᠠᠭᠠᠭᠠᠯᠭᠠᠭᠰᠠᠨ ᠪᠤᠶᠤ ᠲᠤᠰᠢᠶᠠᠨ ᠳᠠᠭᠠᠭᠠᠯᠭᠠᠭᠰᠠᠨ ᠪᠠᠶᠢᠪᠠᠯ᠂ ᠦᠨᠳᠦᠰᠦᠨ ᠱᠠᠲᠤᠨ ᠤ ᠰᠠᠨᠠᠯ ᠢ ᠭᠦᠢᠴᠡᠳ ᠰᠣᠨᠣᠰᠤᠭᠰᠠᠨ ᠰᠠᠭᠤᠷᠢᠨ ᠳᠡᠭᠡᠷ᠎ᠡ᠂ ᠰᠢᠶᠠᠩ ︵ᠪᠠᠯᠭᠠᠰᠤ︶ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ ᠬᠡᠷᠡᠭᠵᠢᠭᠦᠯᠬᠦ ᠶᠢ ᠵᠢᠭᠠᠵᠤ ᠪᠠᠶᠢᠨ᠎ᠠ᠃ᠬᠡᠷᠪᠡ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠶᠢ ᠰᠢᠶᠠᠩ ᠪᠠᠯᠭᠠᠰᠤ ᠦᠨᠡᠬᠡᠷ ᠡᠭᠦᠷᠭᠡᠯᠡᠬᠦ ᠴᠢᠬᠤᠯᠠᠲᠠᠢ ᠪᠠᠶᠢᠪᠠᠯ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠵᠥᠪᠰᠢᠶᠡᠷᠡᠵᠦ ᠬᠡᠷᠡᠭᠵᠢᠭᠦᠯᠦᠨ᠎ᠡ᠃ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ ᠦᠭᠡᠢ ᠪᠠᠷ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠵᠡᠷᠭᠡ ᠶᠢᠨ ᠨᠡᠷ᠎ᠡ ᠪᠠᠷ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠶᠠᠩ ᠪᠠᠯᠭᠠᠰᠤᠨ ᠳᠤ ᠳᠤᠷ᠎ᠠ ᠪᠠᠷ ᠢᠶᠠᠨ ᠲᠤᠰᠢᠶᠠᠵᠤ ᠡᠭᠦᠷᠭᠡᠯᠡᠭᠦᠯᠵᠦ ᠪᠣᠯᠬᠤ ᠦᠭᠡᠢ᠃ᠭᠤᠷᠪᠠᠳᠤᠭᠠᠷ ᠵᠦᠢᠯᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠶᠢ ᠬᠠᠤᠯᠢ ᠲᠣᠭᠲᠠᠭᠠᠯ ᠶᠣᠰᠣᠭᠠᠷ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠠᠶᠢᠯᠭᠠᠬᠤ᠂ ᠳᠡᠰ ᠳᠠᠷᠠᠭᠠᠯᠠᠯ ᠢ ᠴᠢᠩᠳᠠᠯᠠᠬᠤ᠂ ᠬᠥᠳᠡᠯᠦᠩᠭᠦᠢ ᠪᠠᠷ ᠲᠣᠬᠢᠷᠠᠭᠤᠯᠬᠤ᠂ ᠪᠠᠲᠤᠯᠠᠭ᠎ᠠ ᠶᠢ ᠴᠢᠩᠭᠠᠷᠠᠭᠤᠯᠬᠤ ᠵᠠᠷᠴᠢᠮ ᠶᠣᠰᠣᠭᠠᠷ ᠥᠷᠨᠢᠭᠦᠯᠬᠦ ᠬᠡᠷᠡᠭᠲᠡᠢ᠃ᠳᠥᠷᠪᠡᠳᠦᠭᠡᠷ ᠵᠦᠢᠯ ᠰᠢᠶᠠᠨ ᠤ ᠵᠠᠰᠠᠭ ᠤᠨ ᠣᠷᠳᠣᠨ ᠰᠢᠶᠠᠩ ᠪᠠᠯᠭᠠᠰᠤᠨ ᠤ ᠲᠤᠰᠢᠶᠠᠯ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ︵ᠳᠣᠷᠣᠭᠰᠢ ︽ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ︾ ᠭᠡᠵᠦ ᠲᠣᠪᠴᠢᠯᠠᠨ᠎ᠠ︶  ᠶᠢ ᠪᠠᠶᠢᠭᠤᠯᠵᠤ᠂ ᠪᠠᠶᠢᠭᠤᠯᠤᠮᠵᠢ ᠶᠢᠨ ᠣᠷᠣᠨ ᠲᠤᠭ᠎ᠠ᠂ ᠬᠠᠤᠯᠢ ᠴᠠᠭᠠᠵᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠨᠢ ᠬᠠᠮᠲᠤᠷᠠᠭᠰᠠᠨ ᠬᠤᠷᠠᠯ ᠤᠨ ᠪᠦᠷᠢᠯᠳᠦᠭᠦᠨ ᠨᠢᠭᠡᠴᠡ ᠪᠠᠶᠢᠵᠤ᠂ ᠵᠥᠪᠰᠢᠶᠡᠷᠡᠨ ᠣᠷᠣᠭᠤᠯᠬᠤ ᠵᠦᠢᠯᠡᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠠᠤᠯᠢ ᠳᠦᠷᠢᠮ ᠤᠨ ᠬᠢᠨᠠᠨ ᠬᠠᠷᠭᠤᠭᠤᠯᠤᠯᠲᠠ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠵᠣᠯᠭᠠᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠲᠣᠰ ᠲᠣᠰ ᠡᠭᠦᠷᠭᠡᠯᠡᠵᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠶᠢᠨ ᠲᠦᠷᠦᠭᠦᠯᠡᠨ ᠬᠢᠬᠦ ᠨᠢᠭᠡᠴᠡ ᠪᠣᠯᠣᠨ᠎ᠠ᠃ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠳᠤ ᠬᠢᠨᠠᠨ ᠬᠠᠷᠭᠤᠭᠤᠯᠬᠤ ᠲᠠᠰ ᠳᠠᠷᠠᠭᠠᠯᠠᠯ᠂ ᠬᠢᠨᠠᠨ ᠬᠠᠷᠭᠤᠭᠤᠯᠬᠤ ᠴᠠᠭ ᠤᠨ ᠬᠢᠵᠠᠭᠠᠷ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ᠰᠢᠶᠠᠨ ᠤ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠶᠢ ᠵᠥᠪᠰᠢᠶᠡᠷᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠵᠥᠪᠰᠢᠶᠡᠷᠡᠬᠦ ᠵᠢᠷᠤᠮ᠂ ᠵᠥᠪᠰᠢᠶᠡᠷᠡᠬᠦ ᠴᠠᠭ ᠤᠨ ᠬᠢᠵᠠᠭᠠᠷ ᠵᠢᠴᠢ ᠦᠷ᠎ᠡ ᠳ᠋ᠦᠩ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ᠲᠠᠪᠤᠳᠤᠭᠠᠷ ᠵᠦᠢᠯ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ ᠤᠳ ᠰᠢᠶᠠᠩ ᠪᠠᠯᠭᠠᠰᠤ ᠠᠴᠠ ᠦᠨᠡᠬᠡᠷ ᠡᠭᠦᠷᠭᠡᠯᠡᠬᠦ ᠴᠢᠬᠤᠯᠠᠲᠠᠢ ᠵᠠᠰᠠᠭ ᠵᠠᠬᠢᠷᠭᠠᠨ ᠤ ᠬᠡᠷᠡᠭ ᠶᠠᠪᠤᠳᠠᠯ ᠪᠤᠶᠤ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠶᠢᠨ ᠲᠤᠬᠠᠢ ᠰᠢᠶᠠᠩ ᠪᠠᠯᠭᠠᠰᠤ ᠶᠢᠨ ᠰᠠᠨᠠᠯ ᠢ ᠪᠢᠴᠢᠭ ᠢᠶᠠᠷ ᠬᠤᠷᠢᠶᠠᠵᠤ᠂ ᠵᠥᠪᠯᠡᠬᠦ ᠰᠠᠨᠠᠯ ᠢ ᠪᠦᠷᠢᠯᠳᠦᠭᠦᠯᠬᠦ ᠬᠡᠷᠡᠭᠲᠡᠢ᠃ᠵᠥᠪᠳᠡᠯᠴᠡᠭᠡᠳ ᠰᠠᠨᠠᠯ ᠨᠢᠭᠡᠳᠦᠭᠰᠡᠨ ᠤ ᠳᠠᠷᠠᠭ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠶᠢᠨ ᠲᠦᠷᠦᠭᠦᠯᠡᠬᠦ ᠨᠢᠭᠡᠴᠡ ᠳᠤ ᠪᠢᠴᠢᠭᠯᠡᠭᠰᠡᠨ ᠭᠤᠶᠤᠴᠢᠯᠠᠯ ᠭᠠᠷᠭᠠᠨ᠎ᠠ᠃ᠪᠢᠴᠢᠭᠯᠡᠭᠰᠡᠨ ᠭᠤᠶᠤᠴᠢᠯᠠᠯ ᠳᠤ ᠠᠵᠢᠯ ᠤᠨ ᠬᠠᠷᠠᠯᠲᠠ᠂ ᠠᠵᠢᠯ ᠤᠨ ᠠᠭᠤᠯᠭ᠎ᠠ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ᠂ ᠵᠥᠪᠳᠡᠯᠴᠡᠬᠦ ᠰᠠᠨᠠᠯ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠠᠵᠢᠯ ᠭᠦᠢᠴᠡᠳᠬᠡᠬᠦ ᠶᠠᠪᠤᠴᠠ᠂ ᠪᠡᠶᠡᠯᠡᠭᠦᠯᠬᠦ ᠴᠠᠭ ᠬᠤᠭᠤᠴᠠᠭ᠎ᠠ᠂ ᠪᠠᠲᠤᠯᠠᠬᠤ ᠠᠷᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠨ᠎ᠠ᠃︽ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠵᠦᠢᠯᠡᠰ ᠤᠨ ᠭᠤᠶᠤᠴᠢᠯᠠᠯ ᠤᠨ ᠬᠦᠰᠦᠨᠦᠭᠲᠦ︾ ᠶᠢᠨ ᠵᠠᠭᠪᠤᠷ ᠢᠵᠢᠷᠭᠤᠳᠤᠭᠠᠷ ᠵᠦᠢᠯ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠤᠶᠤᠴᠢᠯᠠᠭᠰᠠᠨ ᠵᠦᠢᠯᠡᠰ ᠢ ᠬᠢᠨᠠᠨ ᠬᠠᠷᠭᠤᠭᠤᠯᠬᠤ ᠳᠠᠭᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠢᠨ ᠬᠠᠮᠲᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠤᠨ ᠭᠠᠷᠭᠠᠵᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠬᠤ ᠬᠡᠷᠡᠭᠲᠡᠢ᠃ᠴᠢᠬᠤᠯᠠᠲᠠᠢ ᠦᠶ᠎ᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠶᠢ ᠰᠣᠨᠣᠰᠴᠤ ᠪᠣᠯᠣᠨ᠎ᠠ᠃ᠬᠢᠨᠠᠨ ᠬᠠᠷᠭᠤᠭᠤᠯᠬᠤ ᠳᠠᠭᠠᠨ᠂ ᠠᠵᠢᠯ ᠤᠨ ᠠᠭᠤᠯᠭ᠎ᠠ᠂ ᠬᠠᠤᠯᠢ ᠪᠠᠷ ᠲᠣᠭᠲᠠᠭᠠᠭᠰᠠᠨ ᠦᠨᠳᠦᠰᠦᠯᠡᠯ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠵᠥᠪᠳᠡᠯᠴᠡᠬᠦ ᠰᠠᠨᠠᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠶᠢ ᠰᠡᠷᠭᠡᠶᠢᠯᠡᠬᠦ ᠬᠡᠷᠡᠭᠲᠡᠢ᠃ᠳᠣᠯᠣᠳᠤᠭᠠᠷ ᠵᠦᠢᠯ ᠰᠢᠶᠠᠨ ᠤ ᠵᠠᠰᠠᠭ ᠤᠨ ᠣᠷᠳᠣᠨ ᠤ ᠵᠥᠪᠰᠢᠶᠡᠷᠡᠨ ᠣᠷᠣᠭᠤᠯᠬᠤ ᠶᠢ ᠵᠥᠪᠰᠢᠶᠡᠷᠡᠭᠰᠡᠨ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ‌‍ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠳᠤ ᠴᠢᠭᠯᠡᠭᠦᠯᠦᠨ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ᠵᠥᠪᠰᠢᠶᠡᠷᠡᠭᠦᠯᠦᠭᠡᠳ ᠬᠡᠷᠡᠭᠵᠢᠭᠦᠯᠦᠭᠰᠡᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠵᠦᠢᠯᠡᠰ ᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠰᠢᠶᠠᠩ ᠪᠠᠯᠭᠠᠰᠤ ᠯᠤᠭ᠎ᠠ ᠠᠵᠢᠯ ᠢᠶᠠᠨ ᠵᠣᠯᠭᠠᠭᠤᠯᠵᠤ᠂ ᠰᠢᠶᠠᠩ ᠪᠠᠯᠭᠠᠰᠤ ᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠵᠦᠢᠯᠡᠰ ᠢ ᠰᠢᠯᠭᠠᠨ ᠦᠨᠡᠯᠡᠬᠦ ᠲᠣᠭᠲᠠᠴᠠ ᠶᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠬᠤ ᠶᠢᠨ ᠬᠠᠮᠲᠤ ᠰᠢᠯᠭᠠᠨ ᠦᠨᠡᠯᠡᠭᠰᠡᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠬᠦ ᠬᠡᠷᠡᠭᠲᠡᠢ᠃ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠰᠢᠶᠠᠩ ᠪᠠᠯᠭᠠᠰᠤᠨ ᠳᠤ ᠲᠤᠰᠢᠶᠠᠨ ᠰᠢᠢᠳᠪᠦᠷᠢᠯᠡᠭᠦᠯᠬᠦ ᠵᠦᠢᠯᠡᠰ ᠤᠨ ᠦᠨᠳᠦᠰᠦ ᠪᠠᠷᠢᠮᠲᠠ ᠨᠢ ᠦᠨᠡᠨ ᠬᠦ ᠪᠦᠷᠢᠨ ᠭᠦᠢᠴᠡᠳ ᠪᠠᠶᠢᠵᠤ᠂ ᠲᠦᠷ ᠴᠠᠭ ᠤᠨ ᠴᠢᠨᠠᠷᠲᠠᠢ᠂ ᠱᠠᠲᠤ ᠦᠶ᠎ᠡ ᠶᠢᠨ ᠴᠢᠨᠠᠷᠲᠠᠢ ᠡᠭᠦᠷᠭᠡ ᠳᠤ ᠬᠠᠷᠢᠶᠠᠯᠠᠭᠳᠠᠬᠤ ᠮᠥᠷᠲᠡᠭᠡᠨ ᠪᠠᠶᠢᠳᠠᠯ ᠨᠢ ᠪᠠᠴᠢᠮ ᠪᠠᠶᠢᠪᠠᠯ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠰᠢᠭᠤᠳ ᠬᠠᠮᠲᠤᠷᠠᠭᠰᠠᠨ ᠬᠤᠷᠠᠯᠳᠤᠭᠠᠨ ᠤ ᠠᠵᠢᠯ ᠤᠨ ᠲᠣᠭᠲᠠᠴᠠ ᠶᠢᠨ ᠲᠦᠷᠦᠭᠦᠯᠡᠨ ᠬᠢᠬᠦ ᠨᠢᠭᠡᠴᠢ ᠳᠤ ᠪᠢᠴᠢᠭ ᠤᠨ ᠭᠤᠶᠤᠴᠢᠯᠠᠯ ᠭᠠᠷᠭᠠᠵᠤ᠂ ᠵᠢᠷᠤᠮ ᠶᠣᠰᠣᠭᠠᠷ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ᠶᠢᠰᠦᠳᠦᠭᠡᠷ ᠵᠦᠢᠯ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠵᠦᠢᠯᠡᠰ ᠢ ᠨᠢᠭᠡᠨᠲᠡ ᠪᠡᠶᠡᠯᠡᠭᠦᠯᠦᠭᠰᠡᠨ ᠪᠤᠶᠤ ᠬᠤᠪᠢᠷᠠᠯᠲᠠ ᠭᠠᠷᠤᠭᠠᠳ ᠰᠢᠶᠠᠩ ᠪᠠᠯᠭᠠᠰᠤ ᠪᠠᠷ ᠦᠷᠭᠦᠯᠵᠢᠯᠡᠨ ᠡᠭᠦᠷᠭᠡᠯᠡᠭᠦᠯᠬᠦ ᠳᠤ ᠲᠣᠬᠢᠷᠠᠬᠤ ᠦᠭᠡᠢ ᠪᠠᠶᠢᠪᠠᠯ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ ᠴᠠᠭ ᠲᠤᠬᠠᠢ ᠳᠤᠨᠢ ᠲᠣᠬᠢᠷᠠᠭᠤᠯᠬᠤ ᠪᠤᠶᠤ ᠬᠦᠴᠦᠨ ᠦᠭᠡᠢ ᠪᠣᠯᠭᠠᠬᠤ ᠶᠢᠨ ᠬᠠᠮᠲᠤ ᠬᠠᠮᠢᠶ᠎ᠠ ᠪᠦᠬᠦᠢ ᠡᠯ᠎ᠡ ᠲᠠᠯ᠎ᠠ ᠳᠤ ᠪᠢᠴᠢᠭ ᠢᠶᠠᠷ ᠮᠡᠳᠡᠭᠳᠡᠬᠦ ᠬᠡᠷᠡᠭᠲᠡᠢ᠃ᠠᠷᠪᠠᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠤᠶᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ   ᠠᠴᠠ ᠪᠣᠯᠵᠤ᠂ ᠱᠠᠲᠤ ᠦᠶ᠎ᠡ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠠᠵᠢᠯ ᠤᠨ ᠡᠭᠦᠷᠭᠡ ᠶᠢ ᠪᠠᠶᠢᠩᠭᠤᠵᠢᠭᠰᠠᠨ ᠠᠵᠢᠯ ᠪᠣᠯᠭᠠᠨ ᠬᠤᠪᠢᠷᠠᠭᠤᠯᠵᠤ᠂ ᠰᠢᠶᠠᠩ ᠪᠠᠯᠭᠠᠰᠤ ᠶᠢᠨ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠴᠠᠭ ᠲᠤᠬᠠᠢ ᠳᠤᠨᠢ ᠬᠥᠳᠡᠯᠦᠩᠭᠦᠢ ᠲᠣᠬᠢᠷᠠᠭᠤᠯᠤᠯᠲᠠ ᠬᠢᠵᠦ᠂ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ ᠳᠤ ᠣᠷᠣᠭᠤᠯᠬᠤ ᠬᠡᠷᠡᠭᠲᠡᠢ᠃ᠠᠷᠪᠠᠨ ᠨᠢᠭᠡᠳᠦᠭᠡᠷ ᠵᠦᠢᠯ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠰᠢᠶᠠᠨ ᠰᠢᠶᠠᠩ ᠤᠨ ᠬᠠᠮᠲᠤᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠡᠷᠭᠡ ᠲᠠᠯ᠎ᠠ ᠯᠤᠭ᠎ᠠ ᠵᠣᠯᠭᠠᠭᠤᠯᠬᠤ ᠶᠢ ᠠᠬᠢᠭᠤᠯᠤᠨ᠎ᠠ᠃ᠰᠢᠶᠠᠩ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠵᠦᠢᠯᠡᠰ ᠤᠨ ᠨᠠᠷᠢᠨ ᠬᠠᠭᠤᠳᠠᠰᠤ ᠵᠢᠴᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤᠨ ᠳᠤ ᠨᠢᠭᠡᠨᠲᠡ ᠵᠢᠭᠰᠠᠭᠠᠨ ᠣᠷᠣᠭᠤᠯᠤᠭᠰᠠᠨ ᠵᠦᠢᠯᠡᠰ ᠢ ᠰᠢᠶᠠᠩ ᠪᠠᠯᠭᠠᠰᠤ ᠨᠢ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ᠰᠢᠶᠠᠨ ᠰᠢᠶᠠᠩ ᠤᠨ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠬᠡᠪᠴᠢᠶᠡᠨ ᠳᠤ ᠵᠢᠭᠰᠠᠭᠠᠭᠳᠠᠵᠤ᠂ ᠰᠢᠶᠠᠩ ᠪᠠᠯᠭᠠᠰᠤᠨ ᠤ ᠬᠠᠮᠵᠢᠯᠴᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠵᠦᠢᠯᠡᠰ ᠲᠤ ᠬᠠᠷᠢᠶᠠᠯᠠᠭᠳᠠᠪᠠᠯ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠰᠢᠶᠠᠩ ᠪᠠᠯᠭᠠᠰᠤᠨ ᠳᠤ ᠵᠣᠬᠢᠴᠠᠩᠭᠤᠢ ᠪᠠᠲᠤᠯᠠᠭ᠎ᠠ ᠬᠠᠩᠭᠠᠬᠤ ᠬᠡᠷᠡᠭᠲᠡᠢ᠃ᠠᠷᠪᠠᠨ ᠬᠤᠶᠠᠳᠤᠭᠠᠷ ᠵᠦᠢᠯ ᠵᠥᠪᠰᠢᠶᠡᠷᠡᠭᠦᠯᠦᠭᠰᠡᠨ ᠡᠭᠦᠷᠭᠡ ᠬᠠᠷᠢᠭᠤᠴᠠᠯᠭ᠎ᠠ ᠶᠢᠨ ᠵᠥᠪᠰᠢᠶᠡᠷᠡᠨ ᠣᠷᠣᠭᠤᠯᠬᠤ ᠵᠦᠢᠯᠡᠰ ᠲᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ︽ᠡᠷᠬᠡ ᠶᠢ ᠬᠠᠷᠢᠭᠤᠴᠠᠯᠭ᠎ᠠ ᠶᠢᠨ ᠳᠠᠭᠠᠤ ᠶᠠᠪᠤᠭᠤᠯᠬᠤ᠂ ᠵᠠᠷᠤᠳᠠᠯ ᠢ ᠤᠴᠢᠷ ᠶᠠᠪᠤᠳᠠᠯ ᠤᠨ ᠳᠠᠭᠠᠤ ᠬᠤᠪᠢᠷᠠᠭᠤᠯᠬᠤ︾ ᠵᠠᠷᠴᠢᠮ ᠶᠣᠰᠣᠭᠠᠷ᠂ ᠰᠢᠶᠠᠩ ᠪᠠᠯᠭᠠᠰᠤᠨ ᠳᠤ ᠴᠢᠬᠤᠯᠠ ᠪᠦᠬᠦᠢ ᠠᠵᠢᠯ ᠤᠨ ᠵᠠᠷᠤᠳᠠᠯ᠂ ᠮᠡᠷᠭᠡᠵᠢᠯ ᠤᠨ ᠨᠥᠬᠦᠴᠡᠯ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠠᠩᠭᠠᠬᠤ ᠬᠡᠷᠡᠭᠲᠡᠢ᠃ᠠᠷᠪᠠᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠰᠢᠶᠠᠩ ᠪᠠᠯᠭᠠᠰᠤ ᠶᠢᠨ ᠬᠦᠯᠢᠶᠡᠨ ᠠᠪᠬᠤ ᠴᠢᠳᠠᠪᠤᠷᠢ ᠶᠢ ᠭᠦᠢᠴᠡᠳ ᠪᠣᠳᠣᠯᠬᠢᠯᠠᠨ᠂ ᠰᠢᠶᠠᠩ ᠪᠠᠯᠭᠠᠰᠤ ᠶᠢᠨ ᠰᠠᠨᠠᠯ ᠢ ᠬᠦᠨᠳᠦᠳᠬᠡᠬᠦ ᠬᠡᠷᠡᠭᠲᠡᠢ᠂ ︽ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠬᠤ᠂ ᠭᠦᠢᠴᠡᠳᠬᠡᠬᠦ ᠲᠤᠭ᠎ᠠ ᠶᠢ ᠰᠠᠯᠭᠠᠨ ᠪᠠᠭᠤᠯᠭᠠᠬᠤ᠂ ᠬᠢᠨᠠᠨ ᠰᠢᠯᠭᠠᠵᠤ ᠰᠢᠯᠭᠠᠨ ᠠᠪᠬᠤ᠂ ᠠᠯᠪᠠ ᠪᠠᠷ ᠵᠢᠭᠠᠨ ᠲᠣᠮᠢᠯᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠬᠠᠷᠢᠭᠤᠴᠠᠯᠭ᠎ᠠ ᠪᠠᠨ ᠰᠢᠶᠠᠩ ᠪᠠᠯᠭᠠᠰᠤ ᠳᠤ ᠰᠢᠯᠵᠢᠭᠦᠯᠦᠨ ᠡᠭᠦᠷᠭᠡᠯᠡᠭᠦᠯᠵᠦ ᠪᠣᠯᠬᠤ ᠦᠭᠡᠢ᠃ᠠᠷᠪᠠᠨ ᠳᠥᠷᠪᠡᠳᠦᠭᠡᠷ ᠵᠦᠢᠯ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠵᠢᠴᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ᠠᠷᠪᠠᠨ ᠲᠠᠪᠤᠳᠤᠭᠠᠷ ᠵᠦᠢᠯ ᠲᠤᠰ ᠠᠷᠭ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪᠳᠡᠯᠴᠡᠭᠡᠨ ᠤ ᠳ᠋ᠦ᠋ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠺᠣᠮᠢᠰ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠣᠷᠴᠢᠭᠤᠯᠣᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2