ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠢ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ | ᠪᠥᠲᠥᠭᠡᠨ ᠪᠠᠶᠢᠭᠤᠯᠬᠤ ᠲᠤᠬᠠᠶ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠣᠶ ᠰᠢᠭᠤᠶ ᠶᠢᠨ ᠡᠬᠢ ᠪᠠᠶᠠᠯᠢᠭ ᠤᠨ ᠶᠠᠰᠤ | ᠴᠢᠨᠠᠷ ᠢ ᠳᠡᠭᠡᠭᠰᠢᠯᠡᠭᠦᠯᠬᠦ᠂ ᠰᠢᠶᠠᠨ ᠤ ᠬᠡᠪᠴᠢᠶᠡᠨ ᠤ ᠨᠣᠭᠤᠭᠠᠷᠠᠭᠤᠯᠤᠯᠲᠠ ᠪᠠ ᠣᠶ ᠰᠢᠭᠤᠶ ᠡᠪᠡᠰᠦ ᠪᠡᠯᠴᠢᠭᠡᠷ ᠤᠨ | ᠠᠮᠢ ᠠᠬᠤᠶ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠲᠣᠭᠤᠷᠢᠨ ᠳᠤ᠂ ᠣᠶ ᠰᠢᠭᠤᠶ ᠡᠪᠡᠰᠦ ᠪᠡᠯᠴᠢᠭᠡᠷ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠪᠡ᠃ | ᠰᠤᠷᠪᠤᠯᠵᠢᠯᠠᠨ ᠶᠠᠷᠢᠯᠴᠠᠬᠤ ᠠᠭᠤᠯᠭ᠎ᠠ᠄ | 【 ᠰᠤᠷᠪᠤᠯᠵᠢᠯᠠᠭᠴᠢ 】 ᠵᠠᠩ ᠲᠠᠷᠤᠭ᠎ᠠ ᠡ᠂ ᠰᠠᠶᠢᠨ ᠤᠤ︖ ᠲᠠ ᠮᠠᠨ ᠤ ᠰᠢᠶᠠᠨ ᠤ ᠣᠶ ᠰᠢᠭᠤᠶ | ᠡᠪᠡᠰᠦ ᠪᠡᠯᠴᠢᠭᠡᠷ ᠤᠨ ᠲᠦᠢᠮᠣ ᠪᠠᠶᠢᠳᠠᠯ ᠢ ᠲᠠᠨᠢᠯᠴᠠᠭᠤᠯᠠᠭᠠᠷᠠᠢ᠃ | 【 ᠵᠠᠩ ᠰᠢᠶᠠᠨ 】 ᠤᠯᠤᠰ ᠤᠨ ᠨᠤᠲᠤᠭ ᠳᠡᠪᠢᠰᠬᠡᠷ ᠤᠨ ᠭᠤᠷᠪᠠᠳᠤᠭᠠᠷ ᠣᠳᠠᠭᠠᠨ ᠤ | ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠪᠥᠬᠦ ᠰᠢᠶᠠᠨ ᠤ ᠣᠲᠣ ᠪᠠᠶᠢᠭ᠎ᠠ ᠣᠶᠢᠲᠤ | ᠭᠠᠵᠠᠷ ᠤᠨ ᠲᠠᠯᠠᠪᠠᠶ ᠨᠢ 78665 ᠾᠧᠺᠲ᠋ᠠᠷ ᠪᠠᠶᠢᠵᠦ ᠂ ᠡᠭᠦᠨ ᠳᠤ ᠲᠤᠷᠤᠭ ᠮᠤᠳᠤᠨ ᠤ ᠤᠢ 15464.64 | ᠾᠧᠺᠲ᠋ᠠᠷ᠂ ᠤᠯᠤᠰ ᠤᠨ ᠤᠨᠴᠠᠭᠠᠢ ᠲᠤᠭᠳᠠᠭᠠᠭᠰᠠᠨ ᠪᠤᠲᠠᠯᠢᠭ ᠮᠤᠳᠤᠨ ᠤ ᠤᠢ 59324.55 ᠾᠧᠺᠲ᠋ᠠᠷ᠂ | ᠪᠤᠰᠤᠳ ᠤᠶᠢᠲᠤ ᠭᠠᠵᠠᠷ 3875.81 ᠾᠧᠺᠲ᠋ᠠᠷ ᠪᠠᠶᠢᠨ᠎ᠠ᠃ ᠨᠤᠲᠤᠭ ᠪᠡᠯᠴᠢᠭᠡᠷ ᠤᠨ ᠲᠠᠯᠠᠪᠠᠢ 151446. | 36 ᠾᠧᠺᠲ᠋ᠠᠷ᠂ ᠡᠭᠦᠨ ᠳᠤ᠄ ᠪᠠᠶᠢᠭᠠᠯᠢ ᠶᠢᠨ ᠪᠡᠯᠴᠢᠭᠡᠷ 143597.29 ᠾᠧᠺᠲ᠋ᠠᠷ᠂ ᠲᠠᠷᠢᠮᠠᠯ ᠪᠡᠯᠴᠢᠭᠡᠷ 5. | 23 ᠾᠧᠺᠲ᠋ᠠᠷ᠂ ᠪᠤᠰᠤᠳ ᠪᠡᠯᠴᠢᠭᠡᠷ ᠭᠠᠵᠠᠷ 7843.84 ᠾᠧᠺᠲ᠋ᠠᠷ ᠪᠠᠶᠢᠨ᠎ᠠ᠃ | 【 ᠰᠤᠷᠪᠤᠯᠵᠢᠯᠠᠭᠴᠢ 】 ᠣᠶᠢᠷ᠎ᠠ ᠶᠢᠨ ᠵᠢᠯ ᠤᠳ ᠲᠤ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠪᠴᠢᠶ᠎ᠠ ᠠᠴᠠ ᠶᠠᠮᠠᠷ ᠴᠢᠷᠮᠠᠶᠢᠯᠭ᠎ᠠ | ᠭᠠᠷᠭᠠᠭᠰᠠᠨ ᠪᠣᠶ︖ | 【 ᠵᠠᠩ ᠰᠢᠶᠠᠨ 】 ᠣᠲᠣ ᠪᠣᠯᠲᠠᠯ᠎ᠠ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ 21. | 25 ᠲᠦᠮᠡᠨ ᠮᠥ ᠵᠠᠰᠠᠵᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ 0.53 ᠲᠦᠮᠡᠨ ᠮᠥ ᠣᠶᠢᠵᠢᠭᠤᠯᠵᠤ᠂ | ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ 0.1 ᠲᠦᠮᠡᠨ ᠮᠥ ᠪᠠᠶᠢᠵᠤ᠂ ᠤᠨᠠᠯᠲᠠ ᠪᠠᠭᠠᠲᠠᠶ | ᠦᠷ᠎ᠡ ᠠᠰᠢᠭ ᠢᠶᠠᠷ ᠳᠣᠤᠷ᠎ᠠ ᠣᠶ ᠶᠢ 3.7 ᠲᠦᠮᠡᠨ ᠮᠥ ᠥᠭᠡᠷᠡᠴᠢᠯᠡᠨ ᠰᠠᠶᠢᠵᠢᠷᠠᠭᠤᠯᠵᠤ᠂ 2.5 ᠲᠦᠮᠡᠨ ᠮᠥ ᠣᠶ | ᠰᠢᠭᠤᠶ ᠶᠢ ᠠᠷᠠᠴᠢᠯᠠᠨ ᠪᠤᠶᠢᠵᠢᠭᠤᠯᠤᠭᠰᠠᠨ ᠪᠠᠶᠢᠨ᠎ᠠ︔ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠬᠢᠭᠡᠳ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠨ ᠣᠶᠢᠵᠢᠭᠤᠯᠵᠤ᠂ 0.5 ᠲᠦᠮᠡᠨ ᠮᠥ | ᠡᠪᠡᠰᠦ ᠳᠠᠷᠢᠵᠤ᠂ 0.5 ᠲᠦᠮᠡᠨ ᠮᠥ ᠣᠶ ᠰᠢᠭᠤᠶ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ | ᠬᠠᠮᠠᠭᠠᠯᠠᠨ ᠰᠡᠷᠭᠦᠭᠡᠪᠡ︔ ᠨᠤᠭᠤ ᠭᠠᠵᠠᠷ ᠤᠨ ᠬᠠᠮᠠᠭᠠᠯᠠᠯᠲᠠ ᠶᠢᠨ ᠲᠠᠯ᠎ᠠ ᠪᠠᠷ᠂ ᠴᠠᠭᠠᠨᠨᠠᠭᠤᠷ ᠤᠨ ᠨᠤᠭᠤ ᠭᠠᠵᠠᠷ ᠤᠨ | ᠴᠡᠴᠡᠷᠯᠢᠭ ᠲᠤ ᠣᠶᠤᠨᠴᠢ ᠲᠥᠬᠦᠭᠡᠷᠦᠮᠵᠢ ᠶᠢ ᠲᠠᠰ ᠳᠡᠪᠰᠢᠭᠦᠯᠵᠦ᠂ ᠨᠤᠭᠤ ᠭᠠᠵᠠᠷ ᠤᠨ ᠴᠡᠴᠡᠷᠯᠢᠭ ᠤᠨ ᠣᠶᠤᠨᠴᠢ | ᠬᠠᠮᠢᠶᠠᠷᠤᠯᠲᠠ ᠶᠢᠨ ᠲᠠᠪᠴᠠᠩ ᠤᠨ ᠰᠢᠰᠲ᠋ᠧᠮ ᠤᠨ ᠲᠥᠷᠥᠯ ᠵᠦᠢᠯ ᠢ ᠪᠠᠶᠢᠭᠤᠯᠤᠨ᠂ ᠨᠤᠭᠤ ᠭᠠᠵᠠᠷ ᠤᠨ | ᠬᠠᠮᠢᠶᠠᠷᠤᠯᠲᠠ ᠶᠢᠨ ᠶᠠᠰᠤ ᠴᠢᠨᠠᠷ ᠢ ᠲᠦᠢᠯ ᠤᠨ ᠶᠡᠭᠡ ᠪᠠᠷ ᠳᠡᠭᠡᠭᠰᠢᠯᠡᠭᠦᠯᠵᠦ᠂ 2022 ᠣᠨ ᠤ 12ᠰᠠᠷ᠎ᠠ ᠶᠢᠨ | 29 ᠤ ᠡᠳᠦᠷ ᠥᠪᠥᠷ ᠮᠣᠩᠭᠤᠯ ᠤᠨ ᠱᠠᠩᠳᠤ ᠶᠢᠨ ᠴᠠᠭᠠᠨᠨᠠᠭᠤᠷ ᠤᠨ ᠤᠯᠤᠰ ᠤᠨ ᠳᠡᠰ ᠤᠨ ᠨᠤᠭᠤ ᠭᠠᠵᠠᠷ ᠤᠨ | ᠴᠡᠴᠡᠷᠯᠢᠭ ᠪᠤᠯᠠᠵᠠᠢ ᠃ ᠥᠷᠭᠡᠨ ᠣᠯᠠᠨ ᠠᠷᠠᠳ ᠲᠦᠮᠡᠨ ᠤ ᠠᠮᠢ ᠠᠬᠤᠶ ᠶᠢᠨ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ | 【 ᠰᠤᠷᠪᠤᠯᠵᠢᠯᠠᠭᠴᠢ 】2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠣᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠨᠢᠭᠡ ᠵᠢᠯ ᠮᠥᠨ᠂ ᠲᠡᠭᠡᠪᠡᠯ ᠲᠠ ᠡᠨᠡ ᠵᠢᠯ ᠤᠨ ᠪᠥᠬᠦ ᠰᠢᠶᠠᠨ ᠤ ᠣᠶ ᠰᠢᠭᠤᠶ ᠡᠪᠡᠰᠦ ᠪᠡᠯᠴᠢᠭᠡᠷ ᠤᠨ ᠠᠵᠢᠯ ᠳᠤ | ᠶᠠᠮᠠᠷ ᠶᠠᠮᠠᠷ ᠲᠥᠯᠥᠪᠵᠢᠭᠦᠯᠭᠡ ᠲᠠᠢ ᠪᠣᠶ︖ | 【 ᠵᠠᠩ ᠰᠢᠶᠠᠨ 】᠄ | ︵ᠨᠢᠭᠡ︶ ᠣᠯᠣᠰ ᠤᠨ ᠨᠣᠲᠤᠭ ᠲᠡᠪᠢᠰᠭᠡᠷ ᠤᠨ ᠨᠣᠭᠤᠭᠠᠷᠠᠭᠤᠯᠣᠯᠳᠠ ᠶᠢᠨ ᠠᠬᠢᠴᠠ ᠶᠢ ᠲᠦᠷᠭᠡᠳᠬᠡᠨ᠂ ︽ | ᠨᠣᠭᠤᠭᠠᠷᠠᠭᠤᠯᠣᠯᠳᠠ ᠶᠢ ᠨᠡᠮᠡᠭᠳᠡᠭᠦᠯᠬᠦ︾ ᠶᠢ ᠳᠣᠪᠤᠶᠢᠯᠭᠠᠨ᠎ᠠ | ︽ᠤᠯᠠᠭᠠᠨᠴᠠᠪ ᠬᠤᠲᠠ ᠶᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠥᠪᠵᠢᠭᠦᠯᠭᠡ︾ ᠶᠢᠨ ᠱᠠᠭᠠᠷᠳᠠᠯᠭ᠎ᠠ ᠶᠣᠰᠣᠭᠠᠷ᠂ ︽ᠨᠢᠭᠡᠳᠦᠭᠡᠷ | ᠹᠷᠣᠨᠲ ᠨᠢᠭᠡ ᠪᠦᠰᠡ ᠭᠤᠷᠪᠠᠨ ᠣᠷᠣᠨ︾ ᠤ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢᠨ ᠶᠡᠷᠦᠩᠬᠡᠶ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠤᠲᠤᠭ ᠪᠡᠯᠴᠢᠭᠡᠷ ᠤᠨ | ᠠᠮᠢ ᠠᠬᠤᠶ ᠶᠢ ᠰᠡᠷᠭᠦᠭᠡᠬᠦ᠂ ᠤᠨᠠᠯᠲᠠ ᠪᠠᠭᠠᠲᠠᠶ ᠦᠷ᠎ᠡ ᠠᠰᠢᠭ ᠢᠶᠠᠷ ᠳᠣᠤᠷ᠎ᠠ ᠣᠶ ᠶᠢ ᠥᠭᠡᠷᠡᠴᠢᠯᠡᠬᠦ ᠵᠡᠷᠭᠡ | ᠢᠨᠵᠧᠨᠧᠷᠢᠩ ᠤᠨ ᠲᠥᠷᠥᠯ ᠵᠦᠶ᠋ᠯ ᠳᠤ ᠲᠦᠰᠢᠭᠯᠡᠨ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠢᠨᠵᠧᠨᠧᠷᠢᠩ ᠢ ᠴᠠᠭ ᠲᠤᠬᠠᠶ ᠳᠤᠨᠢ ᠶᠠᠰᠤ ᠴᠢᠨᠠᠷ ᠢ ᠪᠠᠲᠤᠯᠠᠨ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠬᠡᠮᠵᠢᠶ᠎ᠡ ᠶᠢ ︽ᠬᠤᠣᠰ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ | ᠨᠢᠭᠡ ᠳᠤ᠂ ᠴᠠᠭᠠᠨᠨᠠᠭᠤᠷ ᠤᠨ ᠰᠠᠪᠠ ᠭᠠᠵᠠᠷ ᠲᠤ ᠤᠨᠠᠯᠲᠠ ᠪᠠᠭᠠᠲᠠᠶ ᠦᠷ᠎ᠡ ᠠᠰᠢᠭ ᠢᠶᠠᠷ ᠳᠣᠤᠷ᠎ᠠ ᠣᠶ ᠶᠢᠨ | ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠡᠷᠡᠭᠵᠢᠭᠦᠯᠦᠭᠰᠡᠨ ᠲᠠᠯᠠᠪᠠᠶ ᠨᠢ 1.7 ᠲᠦᠮᠡᠨ ᠮᠥ | ᠪᠠᠶᠢᠵᠤ᠂ ᠭᠤᠤᠯᠳᠠᠭᠤ ᠲᠤᠷᠤᠭ ᠪᠤᠲᠠᠯᠢᠭ ᠤᠰᠤᠯᠠᠯᠲᠠ ᠪᠠᠷ ᠭᠤᠤᠯ ᠪᠣᠯᠭᠠᠭᠰᠠᠨ ᠣᠶᠢᠵᠢᠭᠤᠯᠤᠯᠲᠠ ᠶᠢᠨ ᠠᠷᠭ᠎ᠠ | ᠮᠠᠶ᠋ᠢᠭ ᠢᠶᠠᠷ ᠰᠡᠷᠭᠦᠭᠡᠨ ᠵᠠᠰᠠᠬᠤ ᠪᠠ ᠰᠢᠨᠡᠳᠬᠡᠨ ᠥᠭᠡᠷᠡᠴᠢᠯᠡᠨ᠎ᠡ᠃ ᠬᠤᠶᠠᠷ ᠲᠤ᠂ ᠱᠠᠩ ᠵᠠᠩ ᠵᠠᠰᠠᠮᠠᠯ ᠵᠠᠮ ᠤᠨ | ᠵᠡᠭᠦᠨ ᠲᠠᠯ᠎ᠠ ᠠᠴᠠ ᠵᠡᠭᠦᠨᠰᠢ ᠭᠠᠷᠭᠠᠬᠤ ᠵᠠᠮ ᠤᠨ ᠨᠣᠭᠤᠭᠠᠷᠠᠭᠤᠯᠤᠯᠲᠠ ᠶᠢ ᠬᠢᠵᠦ᠂ ᠨᠣᠭᠤᠭᠠᠷᠠᠭᠤᠯᠤᠯᠲᠠ ᠶᠢᠨ | ᠣᠷᠳᠣ ᠨᠢ 4 ᠺᠢᠯᠣᠮᠧᠳ᠋ᠷ᠂ ᠬᠡᠷᠡᠭᠵᠢᠭᠦᠯᠦᠭᠰᠡᠨ ᠲᠠᠯᠠᠪᠠᠶ ᠨᠢ 250 ᠮᠥ ᠪᠠᠶᠢᠨ᠎ᠠ︔ ᠭᠤᠷᠪᠠ ᠳᠤ᠂ ᠱᠠᠩᠳᠤ | ᠰᠢᠶᠠᠨ ᠤ ᠭᠤᠷᠪᠠᠨ ᠶᠡᠭᠡ ᠴᠢᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠭᠤᠤᠯ ᠵᠠᠮ ᠤᠨ ᠬᠤᠶᠠᠷ | ᠬᠠᠵᠠᠭᠤ ᠶᠢ ᠨᠣᠭᠤᠭᠠᠷᠠᠭᠤᠯᠵᠤ᠂ ᠬᠡᠷᠡᠭᠵᠢᠭᠦᠯᠦᠭᠰᠡᠨ ᠲᠠᠯᠠᠪᠠᠶ ᠨᠢ 80 ᠮᠥ︔ ᠳᠥᠷᠪᠡ ᠳᠤ ᠪᠠᠯᠠ ᠮᠥᠩᠭᠦ ᠶᠢ | ᠠᠰᠢᠭᠯᠠᠨ ᠬᠤᠲᠠ ᠪᠠᠯᠭᠠᠰᠤᠨ ᠤ ᠡᠷᠬᠢᠨ ᠲᠣᠭᠤᠷᠢᠨ ᠤ ᠪᠠᠷᠠᠭᠤᠨ ᠭᠠᠳᠠᠨᠠᠬᠢ ᠲᠣᠭᠤᠷᠢᠯ ᠵᠠᠮ᠂ ᠲᠦᠷᠭᠡᠨ ᠳᠠᠪᠬᠢᠬᠤ | ᠵᠠᠮ᠂ ᠲᠤᠰᠠᠯᠠᠬᠤ ᠵᠠᠮ ᠤᠨ ᠠᠭᠤᠯᠵᠠᠷ ᠤᠨ ᠬᠤᠭᠤᠰᠣᠨ ᠭᠠᠵᠠᠷ ᠲᠤ ᠨᠥᠬᠦᠵᠦ ᠳᠠᠷᠢᠬᠤ ᠪᠠ ᠨᠥᠬᠦᠵᠦ ᠳᠠᠷᠢᠵᠤ᠂ | ᠬᠡᠷᠡᠭᠵᠢᠭᠦᠯᠦᠭᠰᠡᠨ ᠲᠠᠯᠠᠪᠠᠶ ᠨᠢ 260 ᠮᠥ ᠪᠠᠶᠢᠨ᠎ᠠ︔ ᠲᠠᠪᠤ ᠳᠤ᠂ ᠴᠠᠭᠠᠨᠨᠠᠭᠤᠷ ᠤᠨ ᠰᠠᠪᠠ ᠭᠠᠵᠠᠷ ᠤᠨ ᠡᠷᠬᠢᠨ | ᠲᠣᠭᠤᠷᠢᠨ ᠳᠤ ᠨᠢᠰᠬᠡᠯ ᠢᠶᠠᠷ ᠡᠪᠡᠰᠦ ᠳᠠᠷᠢᠵᠤ᠂ ᠬᠡᠷᠡᠭᠵᠢᠭᠦᠯᠦᠭᠰᠡᠨ ᠲᠠᠯᠠᠪᠠᠶ 1 ᠪᠣᠯᠤᠨ᠎ᠠ᠃ ᠵᠢᠷᠭᠤᠭ᠎ᠠ ᠳᠤ᠂ | ᠬᠠᠷᠭᠠᠨ᠎ᠠ ᠶᠢ ᠨᠡᠭᠡᠭᠡᠨ ᠠᠰᠢᠭᠯᠠᠬᠤ ᠢᠨᠵᠧᠨᠧᠷᠢᠩ ᠢ ᠲᠤᠪᠤᠶᠢᠯᠭᠠᠵᠦ᠂ ᠬᠠᠷᠭᠠᠨ᠎ᠠ ᠶᠢᠨ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠬᠠᠷᠭᠠᠨ᠎ᠠ ᠶᠢᠨ ᠠᠵᠤ ᠦᠢᠯᠡᠰ ᠢ ᠲᠡᠭᠰᠢᠯᠡᠨ ᠤᠶᠢᠵᠢᠭᠤᠯᠬᠤ ᠲᠦᠷᠦᠯ ᠵᠦᠢᠯ ᠢ | ᠬᠡᠷᠡᠭᠵᠢᠭᠦᠯᠵᠦ᠂ ᠤᠢ ᠰᠢᠭᠤᠢ ᠶᠢᠨ ᠲᠠᠯᠠᠪᠠᠢ ᠶᠢ 0.3 ᠲᠦᠮᠡᠨ ᠮᠦ ᠰᠢᠨ᠎ᠡ ᠪᠠᠷ ᠣᠶᠢᠵᠢᠭᠤᠯᠵᠤ᠂ ᠨᠥᠬᠦᠵᠦ | ᠲᠠᠷᠢᠭᠰᠠᠨ ᠲᠠᠯᠠᠪᠠᠢ ᠶᠢ 2 ᠲᠦᠮᠡᠨ ᠮᠦ ᠨᠥᠬᠦᠵᠦ ᠲᠠᠷᠢᠪᠠ᠃ | ︵ᠬᠤᠶᠠᠷ︶᠂ ᠤᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠬᠢᠭᠡᠳ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ︽ᠨᠣᠭᠤᠭᠠᠷᠠᠭᠤᠯᠤᠯᠲᠠ ᠶᠢ | ᠥᠷᠭᠡᠳᠬᠡᠬᠦ︾ ᠠᠷᠠᠳ ᠤᠨ ᠠᠮᠢᠳᠤᠷᠠᠯ ᠢ ᠪᠠᠲᠤᠯᠠᠬᠤ ᠶᠢ ᠲᠤᠪᠤᠶᠢᠯᠭᠠᠨ᠎ᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠥᠯᠥᠭᠡ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠦᠷᠭᠦᠯᠵᠢᠯᠡᠨ ᠯᠠᠪᠳᠠᠭᠤᠨ ᠢᠶᠠᠷ ᠠᠬᠢᠭᠤᠯᠵᠤ᠂ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠡᠯ ᠺᠤᠸᠠ ᠳ᠋ᠢᠶᠠᠨ | ᠲᠣᠰᠬᠤᠨ᠂ ᠶᠡᠭᠡ ᠬᠦᠷᠢᠶ᠎ᠡ ᠰᠢᠶᠠᠩ ᠤᠨ ᠭᠦ᠋ ᠴᠧᠩ ᠽᠢ ᠲᠣᠰᠬᠤᠨ᠂ ᠰᠢ ᠵᠢᠩ ᠽᠢ ᠪᠠᠯᠭᠠᠰᠤᠨ ᠤ ᠴᠢ ᠳ᠋ᠧᠩ | ᠶᠢᠩ ᠲᠣᠰᠬᠤᠨ᠂ ᠮᠤᠤ ᠳ᠋ᠦ᠋ ᠰᠢᠶᠠᠩ ᠤᠨ ᠡᠯ ᠳ᠋ᠤᠤ ᠴᠢᠦᠶ ᠲᠣᠰᠬᠤᠨ᠂ ᠲᠦᠨ ᠺᠧᠨ ᠳ᠋ᠦᠢ ᠪᠠᠯᠭᠠᠰᠤᠨ ᠤ ᠸᠠ | ᠶᠣᠣ ᠭᠸᠦ ᠲᠣᠰᠬᠤᠨ᠂ ᠪᠥᠸᠧ ᠬᠤ᠋ ᠵᠢᠩ ᠰᠢᠶᠠᠩ ᠤᠨ ᠴᠧᠨ ᠵᠢᠶᠠ ᠯᠢᠶᠠᠩ ᠲᠣᠰᠬᠤᠨ᠂ ᠭᠠᠩ ᠹᠠᠩ ᠽᠢ | ᠲᠣᠰᠬᠤᠨ ᠤ 7 ᠵᠢᠱᠢᠶ᠎ᠡ ᠦᠵᠡᠭᠦᠯᠬᠦ ᠲᠣᠰᠬᠤᠨ ᠳᠤ 560 ᠮᠦ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠬᠦ ᠪᠠᠷ ᠲᠥᠯᠥᠪᠯᠡᠵᠦ ᠪᠣᠶ᠃ | ︵ᠭᠤᠷᠪᠠ︶᠂ ᠣᠢ ᠰᠢᠭᠤᠶ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢᠨ ᠣᠷᠣᠭᠤᠯᠤᠯᠲᠠ ᠶᠢ ᠪᠠᠲᠤᠯᠠᠵᠤ᠂ ︽ᠨᠣᠭᠤᠭᠠᠷᠠᠭᠤᠯᠤᠯᠲᠠ ᠶᠢ ᠲᠠᠲᠠᠬᠤ︾ ᠲᠣᠭᠲᠠᠭᠤᠨ | ᠬᠥᠭᠵᠢᠯᠲᠡ ᠶᠢ ᠳᠣᠪᠤᠶᠢᠯᠭᠠᠨ᠎ᠠ | ︽ᠪᠥᠬᠦ ᠤᠯᠤᠰ ᠤᠨ ᠴᠢᠬᠤᠯᠠ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠤᠨ ᠶᠡᠷᠦᠩᠬᠡᠶ ᠲᠥᠯᠥᠪᠵᠢᠭᠦᠯᠭᠡ ︵2021 - 2035 ᠣᠨ︶︾᠂ ︽ᠤᠮᠠᠷᠠᠲᠤ ᠶᠢᠨ | ᠡᠯᠡᠰᠦᠷᠬᠡᠭᠵᠢᠯ ᠢ ᠰᠡᠷᠭᠡᠶᠢᠯᠡᠬᠦ ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2021 - 2035 ᠣᠨ︶︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠥᠯᠥᠪᠵᠢᠭᠦᠯᠭᠡ ︵2021 - 2035 ᠣᠨ︶︾ | ᠶᠢᠨ ᠪᠠᠶᠢᠷᠢᠰᠢᠭᠤᠯᠤᠯᠲᠠ ᠶᠣᠰᠣᠭᠠᠷ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢᠨ ᠲᠥᠷᠥᠯ ᠵᠦᠢᠯ ᠪᠠ ᠪᠠᠯᠠ | ᠮᠥᠩᠭᠦ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠥᠷᠥᠯ ᠵᠦᠢᠯ ᠢ ᠨᠥᠭᠡᠴᠡᠯᠡᠬᠦ ᠪᠠ ᠭᠤᠶᠤᠴᠢᠯᠠᠨ ᠮᠡᠳᠡᠭᠦᠯᠬᠦ | ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠣᠷᠣᠯᠴᠠᠭᠤᠯᠵᠤ᠂ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | ︵ᠲᠦᠷᠪᠡ︶᠂ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ︽ | ᠠᠮᠢᠳᠤᠯᠢᠭ ᠨᠣᠭᠤᠭᠠᠨ︾ ᠤ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠲᠤᠪᠤᠶᠢᠯᠭᠠᠨ᠎ᠠ | ᠨᠢᠭᠡ ᠳᠤ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠲᠦᠷᠢᠮ ᠤᠨ ᠪᠠᠶᠢᠭᠤᠯᠤᠯᠲᠠ ᠪᠠᠷ ᠭᠤᠣᠯ | ᠪᠣᠯᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠲᠦᠷᠢᠮ ᠤᠨ ᠰᠢᠰᠲ᠋ᠧᠮ ᠢ ᠤᠯᠠᠮ | ᠴᠢᠨᠠᠭᠰᠢᠳᠠ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠡᠭᠦᠷᠭᠡ ᠶᠢ ᠨᠠᠷᠢᠨ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ︽ᠣᠯᠣᠰ ᠤᠨ ᠭᠠᠵᠡᠷ ᠰᠢᠷᠦᠢ ᠭᠤᠷᠪᠡᠡ ᠲᠣᠬᠢᠷᠠᠭᠤᠯᠤᠭᠰᠠᠨ︾ | ᠬᠠᠮᠤᠭ ᠰᠢᠨ᠎ᠡ ᠦᠷ᠎ᠠ ᠪᠦᠳᠦᠭᠡᠯ ᠢ ᠠᠰᠢᠠᠠᠯᠠᠨ᠂ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠡᠷᠦᠯᠳᠡ ᠶᠢᠨ ᠲᠤᠭ᠎ᠠ | ᠪᠡᠷᠢᠮᠳᠡ ᠶᠢᠨ ᠬᠦᠮᠦᠷᠭᠡ ᠶᠢ ᠳᠡᠬᠦᠯᠳᠡᠷᠵᠢᠬᠦᠯᠵᠦ᠂ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠡᠷᠦᠯᠳᠡ ᠶᠢᠨ ︽ | ᠨᠢᠭᠡ ᠵᠢᠷᠤᠭ︾ ᠢ ᠰᠢᠨᠡᠳᠭᠡᠨ᠂ ᠣᠶᠢᠳᠦ ᠭᠠᠵᠡᠷ ᠤᠨ ᠡᠬᠢ ᠪᠠᠶᠠᠯᠢᠭ ᠤᠨ ᠬᠠᠮᠢᠶᠡᠷᠦᠯᠳᠡ ᠶᠢ ᠴᠢᠩᠭᠠᠳᠬᠠᠬᠤ | ᠭᠡᠷᠡᠭᠳᠡᠢ᠃ | ᠬᠤᠶᠠᠷ ᠲᠤ᠂ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ | ᠭᠠᠵᠠᠷ ᠢ ᠬᠠᠮᠠᠭᠠᠯᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠡᠭᠡᠷ᠎ᠡ ᠶᠢᠨ ᠠᠮᠢᠲᠠᠨ | ᠤᠷᠭᠤᠮᠠᠯ ᠤᠨ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠵᠦ᠂ ᠬᠡᠭᠡᠷ᠎ᠡ ᠭᠠᠳᠠᠨ᠎ᠠ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠡᠪᠳᠡᠬᠦ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠭᠤᠷᠪᠠ ᠳᠤ᠂ ᠴᠠᠭᠠᠨᠨᠠᠭᠤᠷ ᠤᠨ ᠰᠠᠪᠠ ᠭᠠᠵᠠᠷ ᠤᠨ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ | ᠵᠠᠰᠠᠯᠲᠠ ᠪᠠ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢ ᠭᠦᠨᠵᠡᠭᠡᠶ ᠠᠬᠢᠭᠤᠯᠵᠤ᠂ ᠰᠠᠪᠠ ᠭᠠᠵᠠᠷ ᠤᠨ ᠠᠮᠢ ᠠᠬᠤᠶ ᠶᠢᠨ | ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠥᠪᠥᠷ ᠮᠣᠩᠭᠤᠯ ᠤᠨ ᠱᠠᠩᠳᠤ ᠶᠢᠨ | ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠠ ᠳ᠋ᠠ ᠱᠢ ᠵᠢᠶᠠ ᠶᠢᠨ ᠥᠪᠡᠷᠲᠡᠭᠡᠨ ᠵᠠᠰᠠᠬᠤ | ᠣᠷᠣᠨ ᠤ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠨᠤᠭᠤ ᠭᠠᠵᠠᠷ ᠤᠨ ᠡᠬᠢ ᠪᠠᠶᠠᠯᠢᠭ ᠤᠨ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃ | ᠳᠥᠷᠪᠡ ᠳᠤ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ᠂ ᠬᠢᠨᠠᠨ ᠪᠤᠳᠤᠬᠤ ᠵᠠᠬᠢᠷᠭ᠎ᠠ ᠶᠢᠨ ᠬᠠᠷᠢᠭᠤ ᠲᠤᠰᠬᠠᠭᠰᠠᠨ ᠨᠤᠲᠤᠭ | ᠪᠡᠯᠴᠢᠭᠡᠷ ᠣᠶᠢᠲᠤ ᠭᠠᠵᠠᠷ ᠨᠤᠭᠤ ᠭᠠᠵᠠᠷ ᠤᠨ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠪᠣᠯᠭᠠᠨ | ᠬᠤᠪᠢᠷᠠᠭᠤᠯᠤᠭᠰᠠᠨ ᠱᠠᠲᠤ ᠦᠶ᠎ᠡ ᠶᠢᠨ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠷᠭᠦᠯᠵᠢᠯᠡᠨ | ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠤᠨ᠂ ᠵᠢᠯ ᠤᠨ ᠳᠣᠲᠣᠷ᠎ᠠ ᠳ᠋ᠤᠭᠠᠷ ᠬᠠᠰᠤᠬᠤ ᠬᠡᠷᠡᠭᠲᠡᠶ᠃ | ︵ᠲᠠᠪᠤ︶ ᠠᠮᠢ ᠠᠬᠤᠢ ᠶᠢᠨ ᠠᠮᠤᠷ ᠲᠦᠪᠰᠢᠨ ᠤ ᠪᠠᠶᠢᠭᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ︽ | ᠨᠣᠭᠤᠭᠠᠷᠠᠭᠤᠯᠤᠯᠲᠠ ᠶᠢ ᠬᠠᠮᠠᠭᠠᠯᠠᠬᠤ︾ ᠬᠠᠯᠬᠠᠪᠴᠢ ᠪᠠᠶᠢᠭᠤᠯᠬᠤ ᠶᠢ ᠳᠣᠪᠤᠶᠢᠯᠭᠠᠨ᠎ᠠ | ︽ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ | ᠳᠦᠷᠢᠮ︾ ᠢ ᠴᠢᠩᠭ᠎ᠠ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠠᠵᠢᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠮᠠᠯ ᠤᠨ ᠪᠠᠭᠲᠠᠭᠠᠮᠵᠢ ᠶᠢᠨ | ᠬᠡᠮᠵᠢᠶ᠎ᠡ ᠶᠢ ᠬᠡᠮᠵᠢᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠬᠢᠨᠠᠨ | ᠵᠢᠯᠣᠭᠤᠳᠴᠤ ᠤᠬᠠᠭᠤᠯᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠶ ᠰᠢᠭᠤᠶ ᠶᠢᠨ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠶᠢ ᠬᠡᠮᠵᠢᠶᠡᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠠᠷᠠᠰᠤᠨ ᠮᠠᠲ᠋ᠧᠷᠢᠶᠠᠯ ᠤᠨ ᠤᠲᠠᠰᠤᠯᠢᠭ ᠬᠤᠷᠣᠬᠠᠶ ᠶᠢᠨ ᠡᠪᠡᠳᠴᠢᠨ ᠵᠡᠷᠭᠡ ᠰᠡᠷᠭᠡᠶᠢᠯᠡᠨ | ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠢᠨᠠᠨ ᠬᠡᠮᠵᠢᠬᠦ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠨ᠎ᠠ᠃ | ᠠᠵᠢᠯ ᠲᠥᠷᠥᠯ ᠤᠨ ᠰᠠᠯᠠᠭ᠎ᠠ ᠮᠥᠴᠢᠷ ᠤᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ | ᠥᠷᠨᠢᠭᠦᠯᠵᠦ᠂ ︽ᠭᠠᠯ ᠰᠡᠷᠭᠡᠶᠢᠯᠡᠬᠦ ᠺᠣᠳ᠋︾ ᠤᠨ ᠲᠠᠯᠠᠪᠤᠷ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ | ᠭᠤᠤᠯᠳᠠᠯᠭ᠎ᠠ ᠲᠠᠢ ᠴᠠᠭ ᠬᠤᠭᠤᠴᠠᠭᠠᠨ ᠤ ᠣᠶ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ | ᠠᠳᠬᠤᠵᠤ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ | ᠬᠦᠴᠦᠯᠡᠨ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ᠂ ᠭᠠᠯ ᠤᠨ ᠢᠷᠡᠯᠲᠡ ᠶᠢᠨ ᠬᠠᠮᠢᠶᠠᠷᠤᠯᠲᠠ᠂ | ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ | ᠭᠠᠯ ᠤᠨ ᠪᠠᠶᠢᠳᠠᠯ ᠢ ᠡᠷᠲᠡ ᠰᠢᠢᠳᠪᠦᠷᠢᠯᠡᠬᠦ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠣᠶ ᠰᠢᠭᠤᠶ ᠨᠤᠲᠤᠭ | ᠪᠡᠯᠴᠢᠭᠡᠷ ᠤᠨ ᠬᠦᠨᠳᠦ ᠶᠡᠭᠡ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠨ᠎ᠡ᠃ | ︵ᠵᠢᠷᠭᠤᠭ᠎ᠠ︶ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ ᠪᠠᠷ ᠵᠤᠷᠢᠯᠭ᠎ᠠ ᠪᠠᠨ ᠪᠤᠯᠭᠠᠵᠤ᠂ ︽ | ᠨᠤᠭᠤᠭ᠎ᠠ ᠪᠠᠷ ᠬᠡᠷᠡᠭᠯᠡᠬᠦ︾ ᠶᠢ ᠳᠤᠪᠤᠶᠢᠯᠭᠠᠨ᠎ᠠ | ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ᠂ ᠨᠡᠶᠢᠲᠡ ᠶᠢᠨ ᠠᠰᠠᠷᠠᠮᠵᠢ ᠶᠢᠨ ᠣᠶ ᠳᠤ ᠨᠥᠬᠦᠪᠥᠷᠢ ᠥᠭᠬᠦ | ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ | ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠨ᠎ᠠ᠃ ᠣᠢ ᠶᠢᠨ | ᠬᠤᠷᠮᠥᠢ ᠶᠢᠨ ᠠᠵᠦ ᠠᠬᠤᠢ ᠶᠢᠨ ᠴᠢᠨᠡᠷ ᠰᠠᠶᠢᠳᠡᠢ ᠬᠦᠭᠵᠢᠯᠳᠡ ᠶᠢ ᠢᠳᠡᠪᠬᠢᠳᠡᠢ ᠪᠠᠷ ᠠᠬᠢᠭᠤᠯᠵᠦ᠂ ᠣᠢ | ᠰᠢᠭᠤᠢ ᠶᠢᠨ ᠦᠢᠯᠡᠰ ᠤᠨ ᠰᠢᠨ᠎ᠡ ᠮᠡᠷᠭᠡᠵᠢᠯ᠂ ᠰᠢᠨ᠎ᠡ ᠦᠷ᠎ᠠ ᠪᠦᠳᠦᠮᠵᠢ ᠶᠢᠨ ᠭᠡᠷᠡᠭᠯᠡᠯᠳᠡ ᠳᠡᠯᠭᠡᠷᠡᠬᠦᠯᠥᠯᠳᠡ ᠪᠠ | ᠦᠢᠯᠡᠴᠢᠯᠡᠬᠡᠨ ᠤ ᠵᠢᠯᠥᠭᠤᠳᠣᠯᠭ᠎ᠠ ᠶᠢ ᠴᠢᠩᠭᠠᠳᠬᠠᠨ᠂ ᠣᠢ ᠰᠢᠭᠤᠢ ᠶᠢᠨ ᠦᠢᠯᠡᠰ ᠤᠨ ᠠᠵᠦ ᠠᠬᠤᠶᠢᠯᠠᠯ ᠢ | ᠳᠡᠰᠣᠷᠡᠯᠳᠡ ᠦᠭᠡᠢ ᠪᠤᠶᠢᠵᠢᠭᠤᠯᠥᠨ ᠪᠤᠵᠠᠭᠠᠶᠢᠷᠡᠭᠤᠯᠵᠦ᠂ ᠣᠢ ᠰᠢᠭᠤᠢ ᠶᠢᠨ ᠦᠢᠯᠡᠰ ᠤᠨ ᠭᠡᠪᠴᠢᠶ᠎ᠠ ᠶᠢ | ᠦᠷᠭᠡᠳᠭᠡᠨ᠂ ᠦᠷ᠎ᠠ ᠠᠰᠢᠭ ᠢ ᠳᠡᠭᠡᠭᠰᠢᠯᠡᠬᠦᠯᠬᠦ ᠶᠢ ᠠᠬᠢᠭᠤᠯᠥᠨ᠎ᠠ᠃ | | | ᠣᠷᠴᠢᠭᠤᠯᠤᠭᠴᠢ᠄ ᠬᠠᠨᠠᠭᠠᠷ |