ᠱᠠᠩᠳᠤ ᠰᠢᠶᠠᠨ ᠤ ᠠᠶᠤᠯᠭᠦᠢ ᠦᠢᠯᠡᠳᠪᠦᠷᠢᠯᠡᠯ ᠦᠨ ᠠᠵᠢᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/13
  7 ᠰᠠᠷ᠎ᠠ ᠶᠢᠨ 12 ᠤᠨ ᠡᠳᠦᠷ᠂ ᠱᠠᠩᠳᠤ ᠰᠢᠶᠠᠨ ᠤ ᠠᠶᠤᠯᠭᠦᠶ ᠦᠶ᠋ᠯᠡᠳᠪᠦᠷᠢᠯᠡᠯ ᠤᠨ ᠠᠵᠢᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠲᠠᠬᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠶᠦ᠋ᠩ ᠸᠧᠶ ᠬᠤᠷᠠᠯ ᠢ ᠡᠷᠭᠢᠯᠡᠪᠡ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠶᠤᠯ ᠦᠭᠡᠶ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠬᠡᠴᠡᠭᠦᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠠᠶᠤᠯ ᠦᠭᠡᠶ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠶᠡᠭᠡ ᠲᠣᠬᠢᠶᠠᠯᠳᠤᠮᠵᠢ ᠶᠢᠨ ᠰᠡᠳᠬᠢᠴᠡ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠬᠤᠷᠢᠭᠯᠠᠵᠤ᠂ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ︽ᠬᠦᠯᠢᠶᠡᠬᠦ ᠦᠭᠡᠢ ᠪᠣᠯ ᠤᠳᠠᠭᠠᠨ ᠪᠠᠶᠢᠵᠤ ᠪᠣᠯᠬᠤ ᠦᠭᠡᠢ︾ ᠲᠤᠯᠭᠠᠮ᠎ᠠ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠴᠢᠩᠭ᠎ᠠ ᠪᠣᠳᠠᠲᠠᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠬᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ᠂ ᠦᠶᠡᠷ ᠢ ᠰᠡᠷᠭᠡᠶᠢᠯᠡᠬᠦ ᠡᠳ᠋ ᠪᠣᠳᠠᠰ ᠢ ᠨᠥᠭᠡᠴᠡᠯᠡᠬᠦ ᠵᠡᠷᠭᠡ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃    ᠬᠤᠷᠠᠯ ᠳᠡᠭᠡᠷ᠎ᠡ᠂ ᠬᠤᠯᠪᠣᠭᠳᠠᠯ ᠪᠦᠬᠦᠢ ᠨᠢᠭᠡᠴᠡ ᠶᠢᠨ ᠬᠢᠨ ᠣᠳᠣᠬᠠᠨ ᠤ ᠠᠶᠤᠯᠭᠦᠢ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ ᠠᠵᠢᠯ ᠤᠨ ᠲᠤᠬᠠᠢ ᠲᠤᠰ ᠲᠤᠰ ᠶᠠᠷᠢᠶ᠎ᠠ ᠲᠠᠯᠪᠢᠵᠠᠢ᠃    ᠰᠢᠶᠠᠨ ᠤ ᠤᠳᠤᠷᠢᠳᠤᠯᠭ᠎ᠠ ᠵᠠᠩ ᠷᠢ ᠭᠤᠤ ᠬᠤᠷᠠᠯ ᠳᠤ ᠣᠷᠣᠯᠴᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠬᠦ ᠪᠦᠷᠢᠯᠳᠦᠬᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                                ᠬᠠᠨᠠᠭᠠᠷ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2