ᠭᠤᠷᠪᠠᠳᠣᠭᠠᠷ ᠬᠤᠭᠤᠴᠠᠭ᠎ᠠ᠄    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠱᠠᠩᠳᠤ ᠰᠢᠶᠠᠨ ᠤ ᠬᠤᠳᠳᠤᠭ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/15
  ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠳᠤ᠄    ︽ᠱᠠᠩᠳᠤ ᠰᠢᠶᠠᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ︾ ᠢ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃    2023 ᠣᠨ ᠤ 8 ᠰᠠᠷ᠎ᠠ ᠶᠢᠨ 21 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶    ᠱᠠᠩᠳᠤ ᠰᠢᠶᠠᠨ ᠤ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠲᠥᠰᠦᠯ    ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠳᠦᠷᠢᠮᠵᠢᠭᠦᠯᠬᠦ᠂ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢ ᠵᠢᠷᠤᠮᠵᠢᠭᠤᠯᠬᠤ᠂ ᠬᠠᠤᠯᠢ ᠠᠴᠠ ᠵᠥᠷᠢᠴᠡᠨ ᠰᠢᠶ᠋ᠳᠪᠦᠷᠢᠯᠡᠬᠦ ᠶᠢ ᠬᠠᠲᠠᠭᠤ ᠪᠣᠯᠭᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠬᠠᠲᠠᠭᠤ ᠬᠢᠵᠠᠭᠠᠷᠯᠠᠯ ᠪᠣᠯᠭᠠᠨ᠂ ᠤᠰᠤ ᠠᠪᠬᠤ ᠬᠤᠳᠳᠤᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠦᠷᠢᠮ ᠤᠨ ᠪᠠᠲᠤᠯᠠᠭ᠎ᠠ ᠬᠠᠩᠭᠠᠨ᠎ᠠ᠃    ᠬᠤᠶᠠᠷ᠂ ᠦᠨᠳᠦᠰᠦᠨ ᠵᠠᠷᠴᠢᠮ    ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠬᠠᠮᠢᠶᠠᠷᠤᠯᠲᠠ ᠶᠢᠨ ᠳᠦᠷᠢᠮᠵᠢᠭᠦᠯᠦᠯᠲᠡ ᠶᠢ ᠪᠡᠶᠡᠯᠡᠭᠦᠯᠦᠨ᠂ ᠬᠡᠷᠡᠭᠯᠡᠯᠲᠡ ᠶᠢ ᠰᠢᠨᠵᠢᠯᠡᠬᠦ ᠤᠬᠠᠭᠠᠨᠴᠢᠯᠠᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠶᠢ ᠠᠬᠢᠭᠤᠯᠤᠨ᠎ᠠ᠃    ᠭᠤᠷᠪᠠ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ    ︵ᠨᠢᠭᠡ︶ ᠱᠠᠲᠤ ᠬᠤᠪᠢᠶᠠᠨ ᠪᠠᠶᠢᠭᠤᠯᠬᠤ    ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠬᠤᠳᠳᠤᠭ ᠤᠨ ᠳᠠᠷᠤᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠰᠢᠶᠠᠨ ᠤ ᠱᠠᠲᠤᠨ ᠳᠤ ᠶᠡᠷᠦᠩᠬᠡᠢ ᠬᠤᠳᠳᠤᠭ ᠤᠨ ᠳᠠᠷᠤᠭ᠎ᠠ ᠪᠠ ᠰᠢᠶᠠᠨ ᠤ ᠱᠠᠲᠤᠨ ᠤ ᠬᠤᠳᠳᠤᠭ ᠤᠨ ᠳᠠᠷᠤᠭ᠎ᠠ ᠶᠢ ᠪᠠᠶᠢᠭᠤᠯᠵᠤ᠂ ᠰᠢᠶᠠᠨ ᠤ ᠱᠠᠲᠤᠨ ᠤ ᠭᠤᠣᠯ ᠬᠠᠷᠢᠭᠤᠴᠠᠯᠭᠠᠲᠠᠨ ᠨᠥᠬᠦᠳ ᠢᠶᠠᠷ ᠰᠢᠶᠠᠨ ᠤ ᠱᠠᠲᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠦᠨ᠎ᠡ︔ ᠰᠢᠶᠠᠩ ᠪᠠᠯᠭᠠᠰᠤᠨ ᠳᠤ ᠶᠡᠷᠦᠩᠬᠡᠢ ᠬᠤᠳᠳᠤᠭ ᠤᠨ ᠳᠠᠷᠤᠭ᠎ᠠ ᠪᠠ ᠰᠢᠶᠠᠩ ᠤᠨ ᠱᠠᠲᠤᠨ ᠤ ᠬᠤᠳᠳᠤᠭ ᠤᠨ ᠳᠠᠷᠤᠭ᠎ᠠ ᠶᠢ ᠪᠠᠶᠢᠭᠤᠯᠵᠤ᠂ ᠰᠢᠶᠠᠩ ᠪᠠᠯᠭᠠᠰᠤᠨ ᠤ ᠳᠠᠷᠤᠭ᠎ᠠ ᠠᠴᠠ ᠶᠡᠷᠦᠩᠬᠡᠢ ᠬᠤᠳᠳᠤᠭ ᠤᠨ ᠳᠠᠷᠤᠭ᠎ᠠ ᠶᠢ ᠡᠭᠦᠷᠭᠡᠯᠡᠨ᠎ᠡ᠂ ᠡᠯ᠎ᠡ ᠬᠡᠰᠡᠭ ᠢ ᠳᠠᠭᠠᠭᠠᠴᠢᠯᠠᠭᠰᠠᠨ ᠰᠢᠶᠠᠩ ᠤᠨ ᠱᠠᠲᠤᠨ ᠤ ᠬᠠᠷᠢᠭᠤᠴᠠᠯᠭᠠᠲᠠᠨ ᠨᠥᠬᠦᠳ ᠢᠶᠠᠷ ᠰᠢᠶᠠᠩ ᠤᠨ ᠱᠠᠲᠤᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠦᠨ᠎ᠡ︔ ᠲᠣᠰᠬᠤᠨ ᠤ ᠱᠠᠲᠤᠨ ᠤ ᠬᠤᠳᠳᠤᠭ ᠤᠨ ᠳᠠᠷᠤᠭ᠎ᠠ ᠶᠢ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠡᠭᠦᠷᠭᠡᠯᠡᠵᠦ᠂ ᠡᠯ᠎ᠡ ᠲᠣᠰᠬᠤᠨ ᠳᠤ ᠳᠡᠳ᠋ ᠬᠤᠳᠳᠤᠭ ᠤᠨ ᠳᠠᠷᠤᠭ᠎ᠠ ᠪᠠᠶᠢᠭᠤᠯᠵᠤ᠂ ᠤᠰᠤ ᠠᠪᠬᠤ ᠬᠤᠳᠳᠤᠭ ᠢᠶᠠᠷ ᠬᠥᠮᠦᠨ ᠢ ᠡᠭᠦᠷᠭᠡᠯᠡᠭᠦᠯᠦᠨ᠎ᠡ᠃ ᠰᠢᠶᠠᠨ ᠤ ᠱᠠᠲᠤᠨ ᠳᠤ ᠬᠤᠳᠳᠤᠭ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ ᠡᠭᠦᠷᠭᠡᠯᠡᠨ᠎ᠡ᠃    ︵ᠬᠤᠶᠠᠷ︶ ᠬᠤᠳᠳᠤᠭ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯᠳᠤᠭᠠᠨ ᠤ ᠳᠦᠷᠢᠮ ᠢ ᠱᠠᠲᠤ ᠬᠤᠪᠢᠶᠠᠨ ᠪᠠᠶᠢᠭᠤᠯᠬᠤ    ᠰᠢᠶᠠᠨ ᠤ ᠱᠠᠲᠤᠨ ᠤ ᠬᠤᠳᠳᠤᠭ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯᠳᠤᠭᠠᠨ ᠨᠢ ᠰᠢᠶᠠᠨ ᠤ ᠱᠠᠲᠤᠨ ᠤ ᠶᠡᠷᠦᠩᠬᠡᠶ ᠬᠤᠳᠳᠤᠭ ᠤᠨ ᠳᠠᠷᠤᠭ᠎ᠠ᠂ ᠬᠤᠳᠳᠤᠭ ᠤᠨ ᠳᠠᠷᠤᠭ᠎ᠠ᠂ ᠰᠢᠶᠠᠩ ᠤᠨ ᠱᠠᠲᠤᠨ ᠤ ᠬᠤᠳᠳᠤᠭ ᠤᠨ ᠳᠠᠷᠤᠭ᠎ᠠ᠂ ᠲᠣᠰᠬᠤᠨ ᠤ ᠱᠠᠲᠤᠨ ᠤ ᠬᠤᠳᠳᠤᠭ ᠤᠨ ᠳᠠᠷᠤᠭ᠎ᠠ ᠪᠠᠷ ᠪᠦᠷᠢᠯᠳᠦᠨ᠎ᠡ᠃ ᠰᠢᠶᠠᠨ ᠤ ᠱᠠᠲᠤᠨ ᠤ ᠬᠤᠳᠳᠤᠭ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ ᠤᠨ ᠬᠠᠮᠵᠢᠯᠴᠠᠬᠤ ᠰᠠᠯᠠᠭ᠎ᠠ ᠮᠥᠴᠢᠷ ᠨᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠵᠢᠯᠴᠠᠬᠤ ᠰᠠᠯᠠᠭ᠎ᠠ ᠮᠥᠴᠢᠷ ᠠᠴᠠ 1 ᠠᠵᠢᠯᠲᠠᠨ ᠢ ᠬᠤᠯᠪᠣᠭᠴᠢ ᠪᠠᠷ ᠲᠣᠭᠲᠠᠭᠠᠪᠠ᠃    ᠰᠢᠶᠠᠨ ᠤ ᠱᠠᠲᠤᠨ ᠤ ᠬᠤᠳᠳᠤᠭ ᠤᠨ ᠳᠠᠷᠤᠭ᠎ᠠ ᠶᠢᠨ ᠬᠠᠮᠲᠤᠷᠠᠭᠰᠠᠨ ᠬᠤᠷᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠭᠤᠣᠯᠳᠠᠭᠤ ᠬᠤᠳᠳᠤᠭ ᠤᠨ ᠳᠠᠷᠤᠭ᠎ᠠ ᠶᠢᠨ ᠳᠦᠷᠢᠮ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠲᠣᠬᠢᠷᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ ᠤᠨ ᠠᠵᠢᠯ ᠤᠨ ᠳᠤᠮᠳᠠ ᠢᠯᠡᠷᠡᠭᠰᠡᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠯ᠎ᠡ ᠰᠢᠶᠠᠩ ᠪᠠᠯᠭᠠᠰᠤ ᠨᠢ ᠲᠤᠰ ᠰᠢᠶᠠᠩ ᠪᠠᠯᠭᠠᠰᠤ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠬᠤᠳᠳᠤᠭ ᠤᠨ ᠳᠠᠷᠤᠭ᠎ᠠ ᠨᠠᠷ ᠤᠨ ᠬᠤᠷᠠᠯ ᠤᠨ ᠳᠦᠷᠢᠮ ᠢ ᠪᠠᠶᠢᠭᠤᠯᠤᠨ᠎ᠠ᠃    ︵ᠭᠤᠷᠪᠠ︶ ᠠᠵᠢᠯ ᠤᠨ ᠡᠭᠦᠷᠭᠡ ᠬᠠᠷᠢᠭᠤᠴᠠᠯᠭ᠎ᠠ    1. ᠰᠢᠶᠠᠨ ᠤ ᠱᠠᠲᠤᠨ ᠤ ᠶᠡᠷᠦᠩᠬᠡᠶ ᠬᠤᠳᠳᠤᠭ ᠤᠨ ᠳᠠᠷᠤᠭ᠎ᠠ᠂ ᠬᠤᠳᠳᠤᠭ ᠤᠨ ᠳᠠᠷᠤᠭ᠎ᠠ ᠨᠢ ᠡᠯ᠎ᠡ ᠰᠢᠶᠠᠩ ᠪᠠᠯᠭᠠᠰᠤ ᠶᠢᠨ ᠬᠤᠳᠳᠤᠭ ᠤᠨ ᠳᠠᠷᠤᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠶᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠳᠳᠤᠭ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠵᠢᠯᠣᠭᠤᠳᠴᠤ ᠵᠣᠬᠢᠴᠠᠭᠤᠯᠤᠨ᠎ᠠ᠃    2. ᠰᠢᠶᠠᠩ ᠤᠨ ᠱᠠᠲᠤᠨ ᠤ ᠬᠤᠳᠳᠤᠭ ᠤᠨ ᠳᠠᠷᠤᠭ᠎ᠠ ᠡᠯ᠎ᠡ ᠲᠣᠰᠬᠤᠨ ᠤ ᠬᠤᠳᠳᠤᠭ ᠤᠨ ᠳᠠᠷᠤᠭ᠎ᠠ ᠶᠢᠨ ᠳᠦᠷᠢᠮ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠬᠦ ᠶᠢ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠬᠡᠷᠡᠭᠲᠡᠶ ᠤᠯᠤᠰ ᠪᠣᠯᠤᠨ ᠡᠯ᠎ᠡ ᠱᠠᠲᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ ᠰᠢᠶᠠᠨ ᠤ ᠱᠠᠲᠤᠨ ᠤ ᠬᠤᠳᠳᠤᠭ ᠤᠨ ᠳᠠᠷᠤᠭ᠎ᠠ ᠵᠢᠴᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤ ᠲᠠᠲᠠᠬᠤ ᠲᠥᠯᠥᠪᠯᠡᠭᠡ ᠪᠣᠯᠤᠨ ᠵᠠᠷᠯᠢᠭ ᠢ ᠬᠡᠷᠡᠭᠵᠢᠭᠦᠯᠬᠦ ᠬᠡᠷᠡᠭᠲᠡᠶ᠃    3. ᠲᠣᠰᠬᠤᠨ ᠤ ᠱᠠᠲᠤᠨ ᠤ ᠬᠤᠳᠳᠤᠭ ᠤᠨ ᠳᠠᠷᠤᠭ᠎ᠠ᠂ ᠳᠡᠳ᠋ ᠬᠤᠳᠳᠤᠭ ᠤᠨ ᠳᠠᠷᠤᠭ᠎ᠠ ᠭᠤᠤᠯᠳᠠᠭᠤ ᠰᠢᠶᠠᠨ᠂ ᠰᠢᠶᠠᠩ ᠤᠨ ᠲᠠᠰ ᠤᠨ ᠬᠤᠳᠳᠤᠭ ᠤᠨ ᠳᠠᠷᠤᠭ᠎ᠠ ᠵᠢᠴᠢ ᠬᠤᠳᠳᠤᠭ ᠤᠨ ᠳᠠᠷᠤᠭ᠎ᠠ ᠶᠢᠨ ᠠᠯᠪᠠᠨ ᠭᠡᠷ ᠤᠨ ᠤᠰᠤ ᠠᠪᠬᠤ ᠲᠥᠯᠥᠪᠯᠡᠭᠡ ᠪᠣᠯᠤᠨ ᠵᠠᠷᠯᠢᠭ ᠢ ᠬᠡᠷᠡᠭᠵᠢᠭᠦᠯᠬᠦ ᠶᠢ ᠬᠠᠷᠢᠭᠤᠴᠠᠵᠤ᠂ ᠤᠰᠤ ᠠᠪᠬᠤ ᠬᠤᠳᠳᠤᠭ ᠵᠢᠴᠢ ᠬᠡᠮᠵᠢᠯᠲᠡ ᠶᠢᠨ ᠲᠥᠬᠦᠭᠡᠷᠦᠮᠵᠢ᠂ ᠴᠠᠬᠢᠯᠭᠠᠨ ᠬᠦᠷᠭᠡᠬᠦ ᠱᠤᠭᠤᠮ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠭᠡᠯᠵᠢᠯᠡᠨ ᠤᠰᠤᠯᠠᠬᠤ ᠳᠡᠰ ᠳᠠᠷᠠᠭᠠᠯᠠᠯ ᠵᠢᠴᠢ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠮᠡᠳᠡᠭᠦᠯᠬᠦ ᠬᠡᠷᠡᠭᠲᠡᠶ᠃    ᠳᠣᠤᠷᠠᠳᠤ ᠱᠠᠲᠤᠨ ᠤ ᠬᠤᠳᠳᠤᠭ ᠤᠨ ᠳᠠᠷᠤᠭ᠎ᠠ ᠨᠢ ᠳᠡᠭᠡᠳᠦ ᠱᠠᠲᠤᠨ ᠤ ᠬᠤᠳᠳᠤᠭ ᠤᠨ ᠳᠠᠷᠤᠭ᠎ᠠ ᠳᠤ ᠬᠠᠷᠢᠭᠤᠴᠠᠵᠤ᠂ ᠳᠡᠭᠡᠳᠦ ᠱᠠᠲᠤᠨ ᠤ ᠬᠤᠳᠳᠤᠭ ᠤᠨ ᠳᠠᠷᠤᠭ᠎ᠠ ᠨᠢ ᠳᠣᠤᠷᠠᠳᠤ ᠱᠠᠲᠤᠨ ᠤ ᠬᠤᠳᠳᠤᠭ ᠤᠨ ᠳᠠᠷᠤᠭ᠎ᠠ ᠶᠢ ᠵᠢᠯᠣᠭᠤᠳᠤᠨ ᠬᠢᠨᠠᠯᠲᠠ ᠲᠠᠯᠪᠢᠬᠤ᠂ ᠬᠢᠨᠠᠨ ᠰᠢᠯᠭᠠᠬᠤ ᠬᠠᠷᠢᠭᠤᠴᠠᠯᠭ᠎ᠠ ᠲᠠᠢ᠃    4. ᠬᠤᠳᠳᠤᠭ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠠᠴᠠ ᠪᠣᠳᠠᠲᠠᠶ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠳᠳᠤᠭ ᠤᠨ ᠳᠠᠷᠤᠭ᠎ᠠ ᠶᠢᠨ ᠲᠣᠭᠲᠠᠭᠠᠭᠰᠠᠨ ᠵᠦᠶ᠋ᠯᠡᠰ ᠢ ᠨᠠᠶᠢᠳᠠᠪᠤᠷᠢᠵᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠰᠤ ᠲᠠᠲᠠᠬᠤ ᠬᠤᠳᠳᠤᠭ ᠤᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠳᠳᠤᠭ ᠤᠨ ᠳᠠᠷᠤᠭ᠎ᠠ ᠶᠢᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠵᠤ᠂ ᠬᠤᠳᠳᠤᠭ ᠤᠨ ᠳᠠᠷᠤᠭ᠎ᠠ ᠶᠢ ᠬᠠᠪᠰᠤᠷᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃    5. ᠡᠯ᠎ᠡ ᠬᠠᠷᠢᠭᠤᠴᠠᠯᠭᠠᠲᠤ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠡᠯ᠎ᠡ ᠵᠦᠢᠯ ᠤᠨ ᠠᠵᠢᠯ ᠢ ᠬᠠᠮᠵᠢᠯᠴᠠᠨ ᠠᠬᠢᠭᠤᠯᠤᠨ᠎ᠠ᠃    ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠤᠯᠤᠰ ᠪᠠ ᠡᠯ᠎ᠡ ᠱᠠᠲᠤᠨ ᠤ ᠵᠠᠰᠠᠭ ᠤᠨ ᠣᠷᠳᠣᠨ ᠤ ᠲᠣᠭᠲᠠᠭᠠᠭᠰᠠᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠠᠷᠢᠭᠤᠴᠠᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠰᠠᠶᠢᠲᠤᠷ ᠬᠢᠵᠦ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠨᠣᠷᠮ᠎ᠠ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠦᠨ᠂ ᠮᠠᠰᠢᠨ ᠬᠤᠳᠳᠤᠭ ᠤᠨ ᠬᠡᠷᠡᠭᠯᠡᠯᠲᠡ ᠳᠤ ᠬᠢᠨᠠᠯᠲᠠ ᠲᠠᠯᠪᠢᠵᠤ ᠵᠢᠷᠤᠮᠵᠢᠭᠤᠯᠤᠨ᠎ᠠ᠃    ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠡᠯ᠎ᠡ ᠰᠢᠶᠠᠩ ᠪᠠᠯᠭᠠᠰᠤ ᠶᠢ ᠬᠠᠷᠢᠭᠤᠴᠠᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠤᠰᠤᠯᠠᠯᠲᠠ ᠶᠢ ᠰᠢᠨᠵᠢᠯᠡᠬᠦ ᠤᠬᠠᠭᠠᠨᠴᠢ ᠪᠠᠷ ᠬᠢᠯᠭᠡᠵᠦ᠂ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠮᠵᠢᠯᠴᠠᠨ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠭᠠᠵᠠᠷ ᠳᠣᠤᠷᠠᠬᠢ ᠤᠰᠤ ᠶᠢ ᠥᠨᠳᠥᠷ ᠪᠦᠲᠦᠮᠵᠢᠲᠡᠶ ᠪᠠᠷ ᠨᠡᠭᠡᠭᠡᠨ ᠠᠰᠢᠭᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃    ᠰᠢᠶᠠᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠨᠢ ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠮᠵᠢᠯᠴᠠᠨ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾᠂ ᠤᠰᠤ ᠬᠡᠷᠡᠭᠯᠡᠬᠦ ᠲᠥᠯᠥᠪᠯᠡᠭᠡ ᠲᠠᠢ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ᠂ ᠤᠰᠤᠨ ᠤ ᠡᠬᠢ ᠪᠠᠶᠠᠯᠢᠭ ᠢ ᠠᠷᠪᠢᠯᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃    ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠳᠣᠤᠷᠠᠬᠢ ᠤᠰᠤ ᠶᠢ ᠬᠢᠨᠠᠨ ᠬᠡᠮᠵᠢᠬᠦ ᠬᠤᠳᠳᠤᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠵᠢᠯᠣᠭᠤᠳᠣᠯᠭ᠎ᠠ ᠶᠢ ᠬᠠᠷᠢᠭᠤᠴᠠᠵᠤ᠂ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠶᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠪᠠ ᠤᠰᠤᠨ ᠤ ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠢᠨᠠᠨ ᠬᠡᠮᠵᠢᠭᠰᠡᠨ ᠦᠷ᠎ᠡ ᠳ᠋ᠦᠩ ᠢ ᠦᠨᠳᠦᠰᠦᠯᠡᠨ ᠴᠠᠭ ᠲᠤᠬᠠᠶ ᠳᠤᠨᠢ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠃    ᠡᠯ᠎ᠡ ᠱᠠᠲᠤᠨ ᠤ ᠬᠤᠳᠳᠤᠭ ᠤᠨ ᠳᠠᠷᠤᠭ᠎ᠠ ᠤᠰᠤ ᠠᠪᠬᠤ ᠬᠤᠳᠳᠤᠭ ᠢ ᠲᠣᠭᠤᠷᠢᠨ ᠪᠠᠶᠢᠴᠠᠭᠠᠬᠤ ᠪᠠ ᠤᠰᠤ ᠠᠪᠴᠤ ᠬᠡᠷᠡᠭᠯᠡᠭᠰᠡᠨ ᠪᠠᠶᠢᠳᠠᠯ ᠢ ᠲᠣᠭᠤᠷᠢᠨ ᠪᠠᠶᠢᠴᠠᠭᠠᠬᠤ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠵᠦ᠂ ᠰᠢᠶᠠᠨ ᠤ ᠤᠰᠤᠨ ᠤ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠬᠠᠤᠯᠢ ᠠᠴᠠ ᠵᠥᠷᠢᠴᠡᠭᠰᠡᠨ ᠰᠦᠪᠡᠭᠴᠢ ᠬᠠᠩᠭᠠᠬᠤ ᠬᠡᠷᠡᠭᠲᠡᠶ᠃    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠲᠣᠰᠬᠤᠨ ᠤ ᠵᠥᠪᠯᠡᠯ ᠡᠷᠬᠡᠪᠰᠢ ᠬᠤᠳᠳᠤᠭ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠶᠢ ᠦᠨᠡᠨᠬᠦ ᠴᠢᠩᠭᠠᠳᠬᠠᠵᠤ᠂ ᠬᠠᠮᠢᠶ᠎ᠠ ᠪᠦᠬᠦᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠱᠠᠯᠠᠪᠳᠠᠨ ᠲᠣᠭᠲᠠᠭᠠᠨ ᠨᠡᠶᠢᠲᠡᠯᠡᠵᠦ᠂ ᠬᠤᠳᠳᠤᠭ ᠤᠨ ᠡᠬᠡ ᠳᠠᠩᠰᠠ ᠶᠢ ᠪᠠᠶᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃    ︵ᠬᠤᠶᠠᠷ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠃ ᠬᠤᠳᠳᠤᠭ ᠤᠨ ᠳᠠᠷᠤᠭ᠎ᠠ ᠶᠢᠨ ᠬᠤᠷᠠᠯ᠂ ᠮᠡᠳᠡᠭᠡ ᠵᠠᠩᠭᠢ ᠶᠢ ᠢᠯᠡ ᠪᠣᠯᠭᠠᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠢᠯ ᠤᠨ ᠰᠢᠮᠳᠠᠭᠤᠯᠤᠨ ᠪᠠᠶᠢᠴᠠᠭᠠᠬᠤ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠤᠰᠤ ᠠᠪᠬᠤ ᠬᠤᠳᠳᠤᠭ ᠢ ᠬᠠᠮᠢᠶᠠᠷᠴᠤ ᠬᠠᠮᠠᠭᠠᠯᠠᠬᠤ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ ᠬᠤᠳᠳᠤᠭ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠪᠣᠯᠤᠨ ᠬᠤᠳᠳᠤᠭ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠢᠵᠢ ᠪᠦᠷᠢᠨ ᠭᠦᠶ᠋ᠴᠡᠳ᠂ ᠪᠠᠶᠢᠷᠢᠯᠠᠭᠤᠯᠤᠯᠲᠠ ᠵᠦᠶ ᠵᠣᠬᠢᠰᠲᠠᠶ᠂ ᠬᠠᠮᠢᠶᠠᠷᠤᠯᠲᠠ ᠵᠢᠷᠤᠮᠵᠢᠭᠤᠨ᠂ ᠠᠵᠢᠯᠯᠠᠭᠠᠨ ᠥᠨᠳᠥᠷ ᠪᠦᠲᠦᠮᠵᠢᠲᠡᠶ ᠠᠵᠢᠯ ᠤᠨ ᠳᠦᠷᠢᠮ ᠢ ᠪᠣᠶ ᠪᠣᠯᠭᠠᠵᠤ᠂ ᠤᠰᠤᠨ ᠤ ᠡᠬᠢ ᠪᠠᠶᠠᠯᠢᠭ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃    ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠵᠠᠭᠤᠴᠢᠯᠠᠭᠤᠷ ᠢᠶᠠᠷ ᠳᠠᠮᠵᠢᠭᠤᠯᠤᠨ ᠠᠭᠤᠷᠬᠠᠶ ᠶᠢᠨ ᠳᠠᠷᠤᠭ᠎ᠠ ᠨᠠᠷ ᠤᠨ ᠨᠡᠷᠡᠰ ᠢ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠪᠣᠯᠤᠨ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ ᠬᠤᠳᠳᠤᠭ ᠤᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠬᠥᠮᠦᠨ ᠪᠦᠬᠦᠨ ᠮᠡᠳᠡᠬᠦ᠂ ᠬᠤᠳᠳᠤᠭ ᠤᠨ ᠳᠠᠷᠤᠭ᠎ᠠ ᠶᠢᠨ ᠳᠦᠷᠢᠮ ᠤᠨ ᠠᠵᠢᠯ ᠢ ᠳᠡᠮᠵᠢᠬᠦ ᠪᠠ ᠲᠦᠯᠬᠢᠨ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃    ᠰᠢᠶᠠᠩ ᠪᠠᠯᠭᠠᠰᠤᠨ ᠤ ᠱᠠᠲᠤᠨ ᠤ ᠬᠤᠳᠳᠤᠭ ᠤᠨ ᠳᠠᠷᠤᠭ᠎ᠠ ᠶᠢᠨ ᠠᠯᠪᠠᠨ ᠭᠡᠷ ᠵᠢᠯ ᠪᠦᠷᠢ ᠶᠢᠨ 12 ᠰᠠᠷ᠎ᠠ ᠶᠢᠨ 20 ᠤ ᠡᠳᠦᠷ ᠠᠴᠠ ᠡᠮᠦᠨ᠎ᠡ᠂ ᠲᠤᠰ ᠣᠨ ᠤ ᠬᠤᠳᠳᠤᠭ ᠤᠨ ᠳᠠᠷᠤᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠰᠢᠶᠠᠨ ᠤ ᠬᠤᠳᠳᠤᠭ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠲᠤ ᠮᠡᠳᠡᠭᠦᠯᠦᠨ᠎ᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2