ᠱᠠᠩᠳᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ︾ ᠤᠷᠤᠯᠳᠤᠭᠠᠨ ᠤ ᠲᠠᠶᠢᠰᠠᠨ ᠳᠤ ᠮᠥᠷᠦ᠋ᠢᠴᠡᠬᠦ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2023/7/17

         ᠨᠠᠮ ᠤᠨ ᠦᠨᠳᠦᠰᠦᠨ ᠱᠠᠲᠤᠨ ᠤ ᠠᠵᠢᠯ ᠳᠠᠬᠢ ᠤᠳᠤᠷᠢᠳᠤᠯᠭ᠎ᠠ ᠶᠢ ᠤᠯᠠᠮ ᠨᠢᠭᠡ ᠠᠯᠬᠤᠮ

ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠠᠲᠤᠳᠬᠠᠵᠤ᠂

ᠡᠯ᠎ᠡ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ

ᠡᠭᠦᠷᠭᠡᠯᠡᠨ ᠠᠵᠢᠯ ᠬᠢᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ 7 ᠰᠠᠷ᠎ᠠ ᠶᠢᠨ 13 ᠤ

ᠡᠳᠦᠷ᠂ ᠱᠠᠩᠳᠤ ᠰᠢᠶᠠᠨ ᠤ ᠨᠠᠮ ᠤᠨ  ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠠᠯᠪᠠᠨ ᠪᠠᠶᠢᠭᠤᠯᠭ᠎ᠠ᠂

ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽

ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠷᠤᠯᠳᠤᠭᠠᠨ ᠤ

ᠲᠠᠶᠢᠰᠠᠨ ᠳᠤ ᠮᠥᠷᠦ᠋ᠢᠴᠡᠬᠦ ᠠᠵᠢᠯᠯᠠᠭ᠎ᠠ ᠶᠢ ᠥᠷᠨᠢᠭᠦᠯᠪᠡ᠃ᠲᠣᠰ ᠤᠳᠠᠭᠠᠨ ᠤ ᠤᠷᠤᠯᠳᠤᠭᠠᠨ ᠢ ︽

ᠦᠵᠡᠭᠦᠯᠦᠯᠭᠡ ᠶᠢᠨ ᠬᠤᠪᠢ ᠲᠣᠭᠲᠠᠭᠠᠬᠤ + ᠲᠤᠬᠠᠶ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ︾ ᠶᠢ

ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠪᠦᠬᠦ

ᠰᠢᠶᠠᠨ ᠤ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 42 ᠨᠠᠮ ᠤᠨ ᠵᠣᠬᠢᠶᠠᠨ

ᠪᠠᠶᠢᠭᠤᠯᠤᠯᠲᠠ ᠶᠢᠨ ᠱᠦᠵᠢ ᠥᠪᠡᠷ ᠤᠨ ᠠᠵᠢᠯ ᠤᠨ ᠪᠠᠶᠢᠷᠢ᠂ ᠪᠡᠶ᠎ᠡ ᠪᠠᠷ ᠢᠶᠠᠨ ᠥᠩᠭᠡᠷᠡᠭᠦᠯᠦᠭᠰᠡᠨ ᠥᠩᠭᠡᠷᠡᠯᠲᠡ

ᠪᠣᠯᠤᠨ ᠲᠤᠰ ᠨᠢᠭᠡᠴᠡ ᠶᠢᠨ ᠢᠶᠠᠨ ᠭᠤᠣᠯ ᠠᠵᠢᠯ ᠲᠠᠢ ᠪᠠᠨ ᠤᠶᠠᠯᠳᠤᠭᠤᠯᠵᠤ᠂ ᠰᠠᠶᠢᠨ ᠰᠠᠶᠢᠬᠠᠨ ᠤᠶᠤᠨ

ᠰᠠᠨᠠᠭᠠᠨ ᠤ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠰ ᠨᠢᠭᠡᠴᠡ ᠶᠢᠨ ᠢᠶᠠᠨ ᠣᠨᠴᠠᠯᠢᠭ ᠢ

ᠳᠡᠯᠭᠡᠨ ᠦᠵᠡᠭᠦᠯᠵᠡᠢ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠨ᠂ ᠡᠴᠦᠰ ᠲᠡᠭᠡᠨ ᠨᠠᠮ ᠤᠨ ᠵᠣᠬᠢᠶᠠᠨ

ᠪᠠᠶᠢᠭᠤᠯᠤᠯᠲᠠ ᠶᠢᠨ 20 ᠰᠢᠯᠢᠳᠡᠭ ᠱᠦᠵᠢ ᠶᠢ ᠰᠣᠩᠭᠤᠨ ᠭᠠᠷᠭᠠᠪᠠ᠃

 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2