ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠱᠠᠩᠳᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/7/20
    7 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠪᠡᠭᠡᠵᠢᠩ ᠬᠤᠳᠠ ᠶᠢᠨ ᠫᠢᠩ ᠭᠦ᠋ ᠲᠣᠭᠤᠷᠢᠭ ᠤᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠱᠠᠩᠳᠤ ᠰᠢᠶᠠᠨ ᠳᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠵᠣᠯᠭᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠫᠢᠩ ᠭᠦ᠋ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠲᠠᠩ ᠬᠠᠢ ᠯᠦᠩ᠂ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠯᠸᠢ ᠺᠦᠨ᠂ ᠱᠠᠩᠳᠦ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠭᠤᠤ ᠶᠦᠩ ᠪᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠪᠠᠨ ᠲᠠᠨᠢᠯᠴᠠᠭᠤᠯᠪᠠ᠃ ᠲᠡᠷᠡ᠂ ᠥᠢᠷ᠎ᠠ ᠶᠢᠨ ᠵᠢᠯ ᠠᠴᠠ᠂ ᠫᠢᠩ ᠬᠦ᠋ ᠲᠣᠭᠤᠷᠢᠭ ᠤᠨ ᠬᠢᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠶᠡᠷᠦᠩᠬᠡᠢ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠰᠢᠶᠠᠨ ᠢ ᠬᠠᠪᠰᠤᠷᠤᠨ ᠨᠢᠭᠡ ᠪᠦᠯᠦᠭ ᠰᠢᠯᠢᠳᠡᠭ ᠲᠦᠷᠦᠯ ᠵᠦᠢᠯ ᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠲᠦᠭᠡᠵᠦ᠂ ᠨᠢᠭᠡ ᠪᠦᠯᠦᠭ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠣᠯᠤᠨ ᠰᠢᠯᠢᠳᠡᠭ ᠺᠠᠳ᠋ᠷ ᠢ ᠬᠥᠮᠦᠵᠢᠭᠦᠯᠵᠦ᠂ ᠬᠠᠮᠵᠢᠯᠴᠠᠭᠠᠨ ᠤ ᠠᠵᠢᠯ ᠳᠤ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠃ ᠬᠤᠶᠢᠰᠢᠳᠠ ᠱᠠᠩᠳᠤ ᠰᠢᠶᠠᠨ ᠤ ᠬᠢᠨ ᠫᠢᠩ ᠬᠥ᠋ ᠲᠣᠭᠤᠷᠢᠭ ᠤᠨ ᠬᠥᠭᠵᠢᠯᠲᠡ ᠶᠢᠨ ᠰᠡᠳᠬᠢᠴᠡ ᠪᠣᠯᠤᠨ ᠠᠵᠢᠯ ᠤᠨ ᠲᠤᠷᠰᠢᠯᠭ᠎ᠠ ᠶᠢ ᠭᠦᠢᠴᠡᠳ ᠰᠤᠷᠤᠯᠴᠠᠨ ᠲᠣᠯᠢ ᠪᠣᠯᠭᠠᠵᠤ᠂ ᠫᠢᠩ ᠭᠦ᠋ ᠲᠣᠭᠤᠷᠢᠭ ᠯᠤᠭ᠎ᠠ ᠲᠠᠷᠢᠶᠠᠯᠠᠩ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠳᠤ ᠬᠠᠮᠲᠤᠪᠠᠷ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠭᠠᠵᠠᠷ ᠤᠨ ᠭᠦᠨ ᠳᠠᠪᠬᠤᠷᠭ᠎ᠠ ᠂ ᠪᠦᠬᠦ ᠲᠠᠯ᠎ᠠ ᠂ ᠥᠨᠳᠥᠷ ᠲᠦᠪᠰᠢᠨ ᠲᠠᠢ ᠬᠠᠮᠵᠢᠯᠴᠠᠭᠠᠨ ᠤ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠴᠦ᠂ ᠬᠠᠮᠵᠢᠯᠴᠠᠨ ᠬᠥᠭᠵᠢᠬᠦ ᠪᠠ ᠬᠠᠮᠲᠤᠪᠠᠷ ᠴᠢᠨᠡᠭᠡᠯᠢᠭᠵᠢᠬᠦ ᠰᠢᠨ᠎ᠡ ᠬᠠᠭᠤᠳᠠᠰᠤ ᠶᠢ ᠬᠦᠴᠦ ᠪᠠᠨ ᠬᠠᠮᠲᠤᠳᠬᠠᠨ ᠪᠢᠴᠢᠭᠯᠡᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠰᠢᠨ᠎ᠡ ᠬᠡᠪ ᠳᠠᠭᠤᠷᠢᠶᠠᠯ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃      ᠲᠠᠩ ᠬᠠᠢ ᠯᠦᠩ ᠱᠠᠩᠳᠤ ᠰᠢᠶᠠᠨ ᠤ ᠬᠤᠯᠪᠣᠭᠳᠠᠯ ᠪᠦᠬᠦᠢ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠬᠠᠮᠵᠢᠯᠴᠠᠭᠠᠨ ᠤ ᠦᠷ᠎ᠡ ᠪᠦᠲᠦᠭᠡᠯ ᠢᠶᠠᠨ ᠴᠢᠨᠠᠭᠰᠢᠳᠠ ᠪᠠᠬᠢᠵᠢᠭᠦᠯᠬᠦ ᠲᠤᠬᠠᠢ ᠵᠢᠯᠣᠭᠤᠳᠬᠤ ᠰᠠᠨᠠᠯ ᠪᠠ ᠰᠠᠨᠠᠭᠤᠯᠭ᠎ᠠ ᠳᠤᠷᠠᠳᠴᠠᠢ᠄ ᠨᠢᠭᠡ ᠳᠤ᠂ ᠴᠠᠭ ᠪᠢᠳᠡᠨ ᠢ ᠬᠦᠯᠢᠶᠡᠬᠦ ᠦᠭᠡᠢ ᠲᠤᠯᠭᠠᠮ᠎ᠠ ᠰᠡᠳᠬᠢᠯᠭᠡ ᠪᠠᠷ᠂ ᠨᠠᠳᠠ ᠠᠴᠠ ᠥᠭᠡᠷ᠎ᠡ ᠬᠡᠨ ᠪᠠᠶᠢᠬᠤ ᠪᠤᠢ ᠭᠡᠬᠦ ᠬᠠᠷᠢᠭᠤᠴᠠᠯᠭᠠᠲᠤ ᠰᠡᠳᠬᠢᠯᠭᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠶᠠᠷ ᠲᠤ᠂ ︽ᠵᠣᠷᠢᠭᠲᠠᠢ ᠪᠠᠷ ᠬᠥᠮᠦᠨ ᠠᠴᠠ ᠲᠦᠷᠦᠭᠦᠯᠡᠵᠦ᠂ ᠬᠥᠮᠦᠨ ᠠᠴᠠ ᠬᠤᠶᠢᠨ᠎ᠠ ᠣᠷᠣᠬᠤ ᠦᠭᠡᠢ︾ ᠭᠡᠬᠦ ᠥᠨᠳᠥᠷ ᠪᠠᠷᠢᠮᠵᠢᠶ᠎ᠠ ᠪᠠ ᠴᠢᠩᠭ᠎ᠠ ᠱᠠᠭᠠᠷᠳᠠᠯᠭ᠎ᠠ ᠪᠠᠷ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠭᠤᠷᠪᠠ ᠳᠤ᠂ ︽ᠦᠨᠡᠨ ᠬᠦ ᠠᠵᠢᠯ ᠶᠠᠪᠤᠳᠠᠯ ᠢ ᠠᠳᠬᠤᠨ ᠬᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ︾ ᠠᠵᠢᠯ ᠤᠨ ᠰᠤᠷᠲᠠᠯ ᠢᠶᠠᠷ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠬᠡᠪ ᠳᠠᠭᠤᠷᠢᠶᠠᠯ ᠢ ᠬᠠᠮᠲᠤᠪᠠᠷ ᠴᠣᠭᠴᠠᠯᠠᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠮᠡᠳᠡᠭᠡ ᠵᠠᠩᠭᠢ ᠪᠠᠨ ᠨᠡᠪᠲᠡᠷᠡᠯᠴᠡᠬᠦ᠂ ᠲᠤᠷᠰᠢᠯᠭ᠎ᠠ ᠪᠠᠨ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠨᠢᠭᠡ ᠪᠦᠯᠦᠭ ᠲᠡᠷᠢᠭᠦᠨ ᠤ ᠨᠡᠶᠢᠲᠡᠯᠢᠭ ᠵᠢᠱᠢ᠊ ᠡᠶ᠎ᠡ ᠶᠢ ᠭᠦᠨᠵᠡᠭᠡᠢ ᠠᠭᠤᠳᠠᠯᠵᠤ᠂ ᠪᠤᠶᠢᠵᠢᠭᠤᠯᠵᠤ᠂ ᠳ᠋ᠦᠩᠨᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠤᠯᠠᠨ ᠡᠩ ᠤᠨ ᠬᠤᠳᠠᠯᠳᠤᠭᠠᠨ ᠤ ᠬᠠᠮᠵᠢᠯᠴᠠᠭᠠᠨ ᠤ ᠲᠤᠷᠰᠢᠯᠭ᠎ᠠ ᠶᠢ ᠬᠦᠷᠭᠡᠵᠦ᠂ ᠲᠠᠷᠢᠶᠠᠯᠠᠩ ᠠᠵᠤ ᠠᠬᠤᠢ ᠬᠦᠴᠦᠷᠬᠡᠭ᠂ ᠬᠥᠳᠡᠭᠡ ᠲᠣᠰᠬᠤᠨ ᠭᠤᠶᠤ᠂ ᠲᠠᠷᠢᠶᠠᠴᠢᠨ ᠪᠠᠶᠠᠵᠢᠭᠰᠠᠨ ᠰᠦᠷᠯᠢᠭ ᠰᠠᠶᠢᠬᠠᠨ ᠵᠢᠷᠤᠭ ᠢ ᠬᠠᠮᠲᠤᠪᠠᠷ ᠵᠢᠷᠤᠭᠯᠠᠵᠤ ᠬᠠᠮᠲᠤ ᠬᠠᠮᠵᠢᠯᠴᠠᠭᠠᠨ ᠤ ᠦᠷ᠎ᠡ ᠪᠦᠲᠦᠭᠡᠯ ᠢᠶᠠᠨ ᠴᠢᠨᠠᠭᠰᠢᠳᠠ ᠪᠠᠬᠢᠵᠢᠭᠦᠯᠬᠦ ᠲᠤᠬᠠᠢ ᠵᠢᠯᠣᠭᠤᠳᠬᠤ ᠰᠠᠨᠠᠯ ᠪᠠ ᠰᠠᠨᠠᠭᠤᠯᠭ᠎ᠠ ᠳᠤᠷᠠᠳᠪᠠ᠃᠃      ᠯᠸᠢ ᠺᠦᠨ ᠵᠢᠭᠠᠵᠤ ᠭᠠᠷᠭᠠᠭᠰᠠᠨ ᠨᠢ᠂ ᠬᠤᠶᠢᠰᠢᠳᠠ ᠱᠠᠩᠳᠤ ᠰᠢᠶᠠᠨ ᠥᠪᠡᠷ ᠤᠨ ᠳᠠᠪᠠᠭᠤᠯᠢᠭ ᠲᠠᠭᠠᠨ ᠰᠠᠭᠤᠷᠢᠯᠠᠨ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠫᠢᠩ ᠬᠥ᠋ ᠲᠣᠭᠤᠷᠢᠭ ᠤᠨ ᠠᠩᠬᠠᠷᠤᠯ ᠪᠠ ᠳᠡᠮᠵᠢᠯᠭᠡ ᠶᠢᠨ ᠳᠣᠣᠷ᠎ᠠ ᠨᠠᠷᠢᠨ ᠬᠢᠨᠠᠮᠠᠭᠠᠶ ᠲᠥᠯᠥᠪᠯᠡᠵᠦ᠂ ᠤᠷᠢᠳᠴᠢᠯᠠᠨ ᠪᠠᠶᠢᠷᠢᠯᠠᠭᠤᠯᠵᠤ᠂ ᠨᠢᠭᠡᠨᠲᠡ ᠲᠣᠭᠲᠠᠭᠠᠭᠰᠠᠨ ᠵᠦᠢᠯᠡᠰ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠵᠦᠢᠯ ᠤᠨ ᠬᠠᠮᠵᠢᠯᠴᠠᠭᠠᠨ ᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢ ᠴᠢᠬᠤᠯᠠᠴᠢᠯᠠᠨ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠪᠣᠯᠤᠨ ᠤᠨᠴᠠᠯᠢᠬᠳᠤ ᠬᠢᠯᠠᠰ ᠴᠡᠭ ᠤᠨ ᠠᠵᠢᠯ ᠢ ᠬᠠᠮᠲᠤᠪᠠᠷ ᠰᠦᠪᠡᠭᠴᠢᠯᠡᠵᠦ᠂ ᠡᠮᠬᠢᠳᠬᠡᠵᠦ᠂ ᠳ᠋ᠦᠩᠨᠡᠵᠦ᠂ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠪᠣᠯᠤᠨ ᠨᠢᠭᠡᠨᠲᠡ ᠪᠦᠷᠢᠯᠳᠦᠭᠰᠡᠨ ᠰᠠᠶᠢᠨ ᠰᠠᠶᠢᠬᠠᠨ ᠬᠠᠮᠲᠤᠷᠠᠯᠴᠠᠭᠠᠨ ᠤ ᠲᠣᠭᠲᠠᠴᠠ ᠶᠢ ᠰᠠᠶᠢᠲᠤᠷ ᠠᠰᠢᠭᠯᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠤ ᠦᠢᠯᠡᠰ᠂ ᠠᠵᠢᠯ ᠣᠯᠭᠤᠯᠲᠠ᠂ ᠵᠤᠭᠠᠴᠠᠯ ᠵᠡᠷᠭᠡ ᠬᠦᠷᠢᠶᠡᠨ ᠳᠤ ᠡᠩ ᠤᠨ ᠬᠥᠨᠳᠡᠢ ᠶᠢᠨ ᠣᠷᠣᠨ ᠲᠠᠢ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠪᠦᠬᠦ ᠲᠠᠯ᠎ᠠ ᠶᠢᠨ ᠬᠠᠮᠵᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠦᠨ ᠬᠤᠯᠠ ᠵᠠᠮᠨᠠᠬᠤ ᠶᠢ ᠴᠢᠨᠠᠭᠰᠢᠳᠠ ᠠᠬᠢᠭᠤᠯᠵᠤ᠂ ᠨᠡᠩ ᠥᠨᠳᠥᠷ ᠲᠦᠪᠰᠢᠨ ᠢᠶᠠᠷ ᠬᠠᠷᠢᠯᠴᠠᠨ ᠨᠥᠬᠦᠪᠥᠷᠢᠯᠡᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠡᠮᠦᠨ᠎ᠡ᠂ ᠲᠥᠯᠥᠭᠡᠯᠡᠭᠴᠢᠳ ᠤᠨ ᠪᠦᠯᠬᠦᠮ ᠤᠨ ᠬᠢᠨ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠳ᠋ᠦᠩ ᠵᠢᠶᠠ ᠼᠦᠨ ᠲᠣᠰᠬᠤᠨ᠂ ᠱᠠᠩᠳᠤ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠪᠣᠯᠤᠨ ᠢᠦ ᠶᠤᠸᠠᠨ ᠮᠠᠯ ᠠᠵᠤ ᠠᠬᠤᠢ ᠶᠢᠨ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳ᠋ᠦᠩ ᠵᠢᠶᠠ ᠼᠦᠨ ᠲᠣᠰᠬᠤᠨ ᠤ ᠰᠢᠨ᠎ᠡ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠰᠤᠷᠭᠠᠨ ᠬᠥᠮᠦᠵᠢᠯ ᠤᠨ ︽ᠪᠦᠯᠬᠦᠮ ᠬᠡᠯᠪᠡᠷᠢ︾ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠣᠯᠤᠨ ᠢᠦ ᠶᠤᠸᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃       ᠫᠢᠩ ᠭᠦ᠋ ᠲᠣᠭᠤᠷᠢᠭ ᠤᠨ ᠤᠳᠤᠷᠢᠳᠤᠯᠭ᠎ᠠ ᠯᠢᠦ ᠯᠢᠨ᠂ ᠴᠧᠨ ᠵᠢᠶᠠᠨ ᠹᠸᠡᠭ᠂ ᠬᠤᠳᠠ ᠶᠢᠨ ᠤᠳᠤᠷᠢᠳᠤᠯᠭ᠎ᠠ ᠯᠢ ᠶᠦᠩ ᠭᠠᠩ᠂ ᠰᠢᠶᠠᠨ ᠤ ᠤᠳᠤᠷᠢᠳᠤᠯᠭ᠎ᠠ ᠶᠠᠩ ᠸᠤᠨ ᠾᠦᠢ᠂ ᠶᠣᠣ ᠬᠠᠢ ᠹᠸᠡᠭ᠂ ᠵᠠᠩ ᠰᠢᠨ ᠭᠦᠸᠤ᠂ ᠵᠠᠩ ᠬᠤᠸᠠᠩ ᠵᠢᠴᠢ ᠫᠢᠩ ᠭᠦ᠋ ᠲᠣᠭᠤᠷᠢᠭ ᠪᠣᠯᠤᠨ ᠱᠠᠩᠳᠤ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2