︽ᠪᠡᠭᠡᠵᠢᠩ ᠥᠪᠥᠷ ᠮᠣᠩᠭᠤᠯ ᠭᠠᠷ ᠬᠤᠯᠪᠣᠯᠴᠠᠨ · ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︾ ᠠᠩᠬᠠᠳᠤᠭᠠᠷ ᠬᠤᠭᠤᠴᠠᠭᠠᠨ ᠤ ︽ᠵᠢᠩ ᠤᠨ ᠴᠤᠪᠤᠭ᠎ᠠ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2023/7/20
      7 ᠰᠠᠷ᠎ᠠ ᠶᠢᠨ 19 ᠤ ᠡᠳᠦᠷ᠂ ︽ᠪᠡᠭᠡᠵᠢᠩ ᠥᠪᠥᠷ ᠮᠣᠩᠭᠤᠯ ᠭᠠᠷ ᠬᠤᠯᠪᠣᠯᠴᠠᠬᠤ · ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ︾ ᠠᠩᠬᠠᠳᠤᠭᠠᠷ ᠬᠤᠭᠤᠴᠠᠭᠠᠨ ᠤ ︽ᠵᠢᠩ ᠤᠨ ᠴᠤᠪᠤᠭ᠎ᠠ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠱᠠᠩᠳᠤ ᠰᠢᠶᠠᠨ ᠤ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠵᠠᠩ ᠵᠢᠶᠦ᠋ᠨ ᠰᠢ ᠬᠤᠷᠠᠯ ᠳᠤ ᠣᠷᠣᠯᠴᠠᠭᠰᠠᠨ ᠪᠥᠭᠡᠳ ᠡᠬᠢᠯᠡᠯᠲᠡ ᠶᠢᠨ ᠶᠣᠰᠣᠯᠠᠯ ᠢ ᠵᠠᠷᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠤᠨ ᠾᠦᠢ ᠡᠬᠢᠯᠡᠯᠲᠡ ᠶᠢᠨ ᠶᠣᠰᠣᠯᠠᠯ ᠢ ᠡᠷᠭᠢᠯᠡᠪᠡ᠃       ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ᠂ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ᠂ ᠤᠷᠤᠯᠳᠤᠭᠠᠨ ᠤ ᠲᠤᠰᠬᠠᠢ ᠮᠡᠷᠭᠡᠵᠢᠯᠲᠡᠨ ᠤ ᠵᠥᠪᠯᠡᠯ ᠤᠨ ᠡᠷᠬᠢᠯᠡᠭᠴᠢ ᠭᠡᠰᠢᠭᠦᠨ ᠵᠠᠩ ᠵᠢᠩ ᠪᠢᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠯᠸᠢ ᠺᠦᠨ᠂ ᠬᠤᠳᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢ ᠶᠦᠩ ᠭᠠᠩ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢ᠊ ᠡᠶ᠎ᠡ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠹᠸᠡᠭ ᠱᠣᠸᠡᠭ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠲᠢᠶᠠᠨ ᠢᠦᠢ ᠵᠢᠴᠢ ᠪᠡᠭᠡᠵᠢᠩ ᠬᠤᠳᠠ᠂ ᠤᠯᠠᠭᠠᠨᠴᠠᠪ ᠬᠤᠳᠠ ᠶᠢᠨ ᠣᠨᠴᠠ ᠤᠷᠢᠭᠰᠠᠨ ᠰᠢᠯᠭᠠᠷᠠᠭᠤᠯᠬᠤ ᠺᠣᠮᠢᠰ ᠤᠨ ᠭᠡᠰᠢᠭᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠳᠡᠮᠵᠢᠨ ᠲᠤᠰᠠᠯᠠᠬᠤ ᠬᠠᠮᠲᠤᠷᠠᠯᠴᠠᠭᠠᠨ ᠤ ᠭᠠᠵᠠᠷ ᠤᠨ ᠳᠡᠳ᠋ ᠳᠠᠷᠤᠭ᠎ᠠ ᠯᠢᠦ ᠸᠧᠶ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠾᠧ ᠵᠢᠶᠧ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠯᠢ ᠰᠢᠶᠤᠤ ᠵᠢᠤᠸᠠᠨ᠂ ᠫᠢᠩ ᠬᠥ᠋ ᠲᠣᠭᠤᠷᠢᠭ ᠤᠨ ᠰᠤᠷᠭᠠᠨ ᠬᠥᠮᠦᠵᠢᠯ ᠤᠨ ᠵᠥᠪᠯᠡᠯ ᠤᠨ ᠡᠷᠬᠢᠯᠡᠭᠴᠢ ᠯᠦ ᠪᠦᠦ ᠶᠢᠨ ᠸᠢᠳᠢᠣ᠋ ᠶᠢᠨ ᠬᠡᠯᠪᠡᠷᠢ ᠪᠠᠷ ᠣᠷᠣᠯᠴᠠᠵᠠᠶ᠃      ᠪᠡᠭᠡᠵᠢᠩ᠂ ᠥᠪᠥᠷ ᠮᠣᠩᠭᠤᠯ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠡᠭ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠡᠭᠡᠵᠢᠩ ᠬᠤᠳᠠ ᠶᠢᠨ ᠨᠠᠮ ᠤᠨ ᠬᠤᠷᠢ᠊ ᠡᠶ᠎ᠡ᠂ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠠᠴᠠ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠳᠡᠪᠬᠢᠲᠡᠢ ᠠᠬᠢᠭᠤᠯᠤᠭᠰᠠᠨ ᠠᠴᠠ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠠᠵᠢᠯ ᠠᠯᠢ ᠤᠯᠠᠨ ᠦᠷ᠎ᠡ ᠪᠦᠲᠦᠭᠡᠯ ᠣᠯᠵᠠᠢ᠃ ᠡᠨᠡ ᠤᠳᠠᠭ᠎ᠠ ᠶᠢᠨ ︽ᠵᠢᠩ ᠤᠨ ᠴᠤᠪᠤᠭ᠎ᠠ︾ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠤᠷᠤᠯᠳᠤᠭᠠᠨ ᠢ ᠡᠷᠭᠢᠯᠡᠭᠰᠡᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠠᠬᠢᠭᠤᠯᠵᠤ᠂ ︽ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠠᠵᠢᠯ ᠢ ᠭᠦᠨᠵᠡᠭᠡᠶᠢᠷᠡᠭᠦᠯᠬᠦ ᠲᠤᠬᠠᠶ ᠵᠥᠪᠯᠡᠯᠴᠡᠭᠡᠷ︾ ᠢ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠨᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠳᠥᠯᠭᠢᠨ ᠠᠬᠢᠭᠤᠯᠬᠤ᠂ ᠪᠠᠭᠰᠢ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠦᠷᠭᠦᠯᠵᠢᠯᠡᠨ ᠰᠠᠶᠢᠲᠤᠷ ᠡᠷᠭᠢᠯᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠪᠡᠭᠡᠵᠢᠩ ᠬᠤᠳᠠ ᠶᠢᠨ ᠫᠢᠩ ᠭᠦ᠋ ᠲᠣᠭᠤᠷᠢᠭ᠂ ᠹᠸᠡᠭ ᠲᠠᠢ ᠲᠣᠭᠤᠷᠢᠭ᠂ ᠮᠢ ᠶᠦᠨ ᠲᠣᠭᠤᠷᠢᠭ᠂ ᠴᠤᠤ ᠶᠠᠩ ᠲᠣᠭᠤᠷᠢᠭ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠳᠤ ᠰᠢᠶᠠᠨ᠂ ᠳᠥᠷᠪᠡᠳ ᠬᠤᠰᠢᠭᠤ᠂ ᠬᠤᠸᠠ ᠳ᠋ᠧ ᠰᠢᠶᠠᠨ ᠤ 8 ᠰᠤᠷᠭᠠᠭᠤᠯᠢ ᠶᠢᠨ ᠵᠠᠭᠤ ᠭᠠᠷᠤᠢ ᠪᠠᠭᠰᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠯᠪᠡᠷᠢ ᠪᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2