ᠱᠠᠩᠳᠤ ᠰᠢᠶᠠᠨ ᠤ 2023 ᠣᠨ ᠤ ᠨᠢᠭᠡᠳᠦᠭᠡᠷ ᠬᠤᠭᠤᠴᠠᠭᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/7/20
      ᠱᠠᠩᠳᠤ ᠰᠢᠶᠠᠨ ᠤ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠴᠢᠳᠠᠪᠤᠷᠢᠲᠠᠨ ᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠦᠶ᠋ᠯᠡᠰ ᠴᠣᠭᠴᠠᠯᠠᠬᠤ ᠬᠦᠰᠡᠯ ᠲᠠᠢ ᠬᠥᠮᠦᠰ ᠢ ᠬᠠᠪᠰᠤᠷᠤᠨ ᠪᠢᠴᠢᠯ ᠬᠤᠳᠠᠯᠳᠤᠭᠠᠨ ᠤ ᠡᠯᠧᠺᠲᠷᠣᠨ ᠬᠤᠳᠠᠯᠳᠤᠭ᠎ᠠ᠂ ᠰᠦᠯᠵᠢᠶᠡᠨ ᠤ ᠰᠢᠭᠤᠳ ᠨᠡᠪᠲᠡᠷᠡᠭᠦᠯᠭᠡ ᠵᠡᠷᠭᠡ ᠲᠠᠪᠴᠠᠩ ᠤᠨ ᠠᠵᠤ ᠠᠬᠤᠶ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠶ᠋ᠯᠡᠰ ᠴᠣᠭᠴᠠᠯᠠᠬᠤ ᠳᠤ ᠤᠯᠠᠮ ᠨᠢᠭᠡ ᠠᠯᠬᠤᠮ ᠰᠠᠶᠢᠵᠢᠷᠠᠭᠤᠯᠬᠤ ᠶᠢᠨ ᠲᠦᠯᠦᠭᠡ᠂ 7 ᠰᠠᠷ᠎ᠠ ᠶᠢᠨ 19 ᠤ ᠡᠳᠦᠷ᠂ ᠱᠠᠩᠳᠤ ᠰᠢᠶᠠᠨ ᠤ ᠠᠵᠢᠯ ᠣᠯᠭᠤᠯᠲᠠ ᠶᠢᠨ ᠦᠶ᠋ᠯᠡᠴᠢᠯᠡᠭᠡᠨ ᠤ ᠲᠥᠪ ᠤᠨ ᠡᠷᠭᠢᠯᠡᠭᠰᠡᠨ ᠰᠦᠯᠵᠢᠶᠡᠨ ᠤ ᠭᠤᠤᠯ ᠨᠡᠪᠲᠡᠷᠡᠭᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠬᠢᠯᠡᠪᠡ᠃ ᠲᠣᠰ ᠬᠤᠭᠤᠴᠠᠭᠠᠨ ᠤ ᠪᠣᠯᠪᠠᠰᠤᠷᠠᠯ ᠤᠨ ᠬᠤᠭᠤᠴᠠᠭ᠎ᠠ ᠨᠢ 7 ᠡᠳᠦᠷ ᠪᠤᠢ᠃        ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠸᠧᠶ ᠸᠧᠶ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠂ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ ᠨᠠᠰᠢ ᠰᠢᠭᠤᠳ ᠨᠡᠪᠲᠡᠷᠡᠭᠦᠯᠭᠡ ᠶᠢᠨ ᠠᠵᠢᠯ ᠲᠥᠷᠥᠯ ᠤᠨ ᠲᠠᠰᠤᠷᠠᠯᠲᠠ ᠦᠭᠡᠶ ᠬᠥᠭᠵᠢᠬᠦ ᠶᠢ ᠳᠠᠭᠠᠯᠳᠤᠨ᠂ ᠰᠦᠯᠵᠢᠶᠡᠨ ᠤ ᠰᠢᠭᠤᠳ ᠨᠡᠪᠲᠡᠷᠡᠭᠦᠯᠭᠡ ᠨᠢ ᠰᠢᠨ᠎ᠡ ᠪᠠᠷ ᠬᠥᠭᠵᠢᠭᠰᠡᠨ ᠠᠵᠢᠯ ᠲᠥᠷᠥᠯ ᠪᠣᠯᠵᠤ᠂ ᠨᠡᠩ ᠣᠯᠠᠨ ᠠᠵᠤ ᠠᠬᠤᠶᠢᠯᠠᠯ ᠪᠣᠯᠤᠨ ᠪᠠᠶᠢᠭᠤᠯᠤᠮᠵᠢ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠳᠡᠯᠭᠡᠷᠡᠭᠦᠯᠬᠦ ᠪᠠ ᠡᠵᠡᠩᠨᠡᠨ ᠪᠣᠷᠣᠯᠠᠭᠤᠯᠬᠤ ᠶᠢ ᠡᠬᠢᠯᠡᠨ ᠴᠢᠬᠤᠯᠠᠴᠢᠯᠠᠵᠤ ᠪᠠᠶᠢᠨ᠎ᠠ᠂ ᠡᠶᠢᠮᠦ ᠠᠴᠠ ᠰᠦᠯᠵᠢᠶᠡᠨ ᠤ ᠰᠢᠭᠤᠳ ᠨᠡᠪᠲᠡᠷᠡᠭᠦᠯᠭᠡ ᠨᠢ ᠢᠷᠡᠭᠡᠳᠦᠶ ᠶᠢᠨ ᠬᠥᠭᠵᠢᠯᠲᠡ ᠲᠤ ᠲᠦᠢᠯ ᠤᠨ ᠰᠠᠷᠠᠭᠤᠯ ᠠᠭᠤᠳᠠᠮ ᠪᠠᠶᠢᠨ᠎ᠠ ᠭᠡᠵᠡᠶ᠃ ᠣᠯᠠᠨ ᠢᠶᠠᠷ ᠢᠶᠠᠨ ᠲᠣᠰ ᠤᠳᠠᠭᠠᠨ ᠤ ᠪᠣᠯᠪᠠᠰᠤᠷᠠᠭᠤᠯᠤᠯ ᠤᠨ ᠴᠢᠬᠤᠯᠠ ᠦᠶ᠋ᠯᠡᠳᠦᠯ ᠢ ᠭᠦᠶ᠋ᠴᠡᠳ ᠲᠠᠨᠢᠵᠤ᠂ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ ᠣᠳᠣᠬᠢ ᠱᠠᠲᠤᠨ ᠤ ᠭᠤᠤᠯᠯᠠᠨ ᠨᠡᠪᠲᠡᠷᠡᠭᠦᠯᠬᠦ ᠳᠤ ᠱᠠᠭᠠᠷᠳᠠᠭᠳᠠᠬᠤ ᠡᠯ᠎ᠡ ᠵᠦᠶ᠋ᠯ ᠤᠨ ᠮᠡᠷᠭᠡᠵᠢᠯ ᠴᠢᠳᠠᠪᠤᠷᠢ ᠪᠠ ᠮᠡᠳᠡᠯᠭᠡ ᠶᠢ ᠡᠵᠡᠮᠰᠢᠵᠦ᠂ ᠬᠤᠪᠢ ᠬᠥᠮᠦᠨ ᠤ ᠣᠨᠴᠠᠯᠢᠭ ᠪᠥᠬᠦᠶ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠭᠦᠨ ᠤ ᠤᠯᠠᠮ ᠠᠴᠠ ᠠᠵᠢᠯ ᠤᠨ ᠲᠠᠯᠠᠪᠤᠷ ᠲᠤ ᠨᠠᠩ ᠰᠠᠶᠢᠨ ᠵᠣᠬᠢᠴᠠᠵᠤ᠂ ᠨᠠᠩ ᠣᠯᠠᠨ ᠬᠥᠭᠵᠢᠯᠲᠡ ᠶᠢᠨ ᠠᠵᠠ ᠲᠣᠬᠢᠶᠠᠯ ᠲᠠᠢ ᠪᠣᠯᠬᠤ ᠶᠢ ᠬᠦᠰᠡᠵᠦ ᠪᠠᠶᠢᠨ᠎ᠠ ᠭᠡᠵᠡᠶ᠃        ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ ᠲᠣᠪᠴᠢ᠊ ᠡᠶ᠎ᠡ᠂ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢ᠊ ᠡᠶ᠎ᠡ ᠪᠣᠯᠤᠨ ᠢ ᠱᠠᠩ ᠲᠠᠷᠢᠶᠠᠯᠠᠩ ᠵᠢᠭᠤᠯᠴᠢᠯᠠᠯ ᠤᠨ ᠪᠡᠯᠡ ᠤᠷᠤᠭᠤᠯᠤᠯᠲᠠ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2