ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠦᠨ ᠪᠦᠯᠬᠦᠮ ᠮᠠᠨ ᠤ ᠣᠷᠣᠨ ᠳᠤ ᠰᠢᠨᠵᠢᠯᠡᠨ ᠪᠠᠶᠢᠴᠠᠭᠠᠵᠤ ᠪᠡᠭᠡᠵᠢᠩ ᠥᠪᠥᠷ ᠮᠣᠩᠭᠣᠯ ᠤᠨ ᠬᠠᠮᠵᠢᠯᠴᠠᠭᠠᠨ ᠤ ᠠᠵᠢᠯ ᠢ ᠠᠬᠢᠭᠤᠯᠬᠤ ᠪᠠᠷ ᠢᠷᠡᠵᠦ ᠶᠢᠨ ᠯᠢ  ᠶᠢᠨ ᠶᠦᠩ  ᠰᠦᠨ ᠱᠤᠤ ᠴᠸᠡᠭ  ᠴᠧ ᠵᠢᠶᠦ᠋ᠨ  ᠸᠠᠩ ᠯᠢ ᠰᠢᠶᠠ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/7/24
      7 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠪᠡᠭᠡᠵᠢᠩ ᠬᠤᠳᠠ ᠶᠢᠨ ᠨᠠᠮ ᠤᠨ  ᠬᠤᠷᠢᠶ᠎ᠠ ᠶᠢᠨ ᠱᠦᠵᠢ ᠶᠢᠨ ᠯᠢ᠂ ᠪᠡᠭᠡᠵᠢᠩ ᠬᠤᠳᠠ ᠶᠢᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠶᠢᠨ ᠶᠦᠩ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠠᠢ ᠬᠠᠮᠲᠤ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠵᠦ᠂ ᠪᠡᠭᠡᠵᠢᠩ ᠦᠪᠥᠷ ᠮᠣᠩᠭᠤᠯ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠨᠵᠡᠭᠡᠶᠢᠯᠡᠨ᠂ ᠬᠠᠮᠲᠤᠷᠠᠯᠴᠠᠨ ᠬᠥᠭᠵᠢᠬᠦ ᠶᠡᠭᠡ ᠪᠤᠳᠤᠯᠭ᠎ᠠ ᠶᠢ ᠬᠠᠮᠲᠤᠪᠠᠷ ᠶᠠᠷᠢᠯᠴᠠᠪᠠ᠃ ᠲᠥᠪ ᠤᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ᠂ ᠳᠡᠳ᠋ ᠳᠤᠭᠤᠶᠢᠯᠠᠩ ᠤᠨ ᠳᠠᠷᠤᠭ᠎ᠠ ᠯᠢ ᠰᠢᠶᠤᠤ ᠰᠠᠨ ᠵᠢᠴᠢ ᠪᠣᠰᠣᠳ ᠭᠡᠰᠢᠭᠦᠳ ᠪᠦᠬᠦ ᠶᠠᠪᠤᠴᠠ ᠳᠤ ᠣᠷᠣᠯᠴᠠᠪᠠ᠃
       7 ᠰᠠᠷ᠎ᠠ ᠶᠢᠨ 22 ᠤᠨ ᠡᠳᠦᠷ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠰᠢ ᠰᠧᠨ ᠦᠷ᠎ᠡ ᠶᠢᠨ ᠦᠶ᠋ᠯᠡᠰ ᠤᠨ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃
       7 ᠰᠠᠷ᠎ᠠ ᠶᠢᠨ 22 ᠤᠨ ᠡᠳᠦᠷ᠂ ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠯᠠᠭᠠᠨᠴᠠᠪ ᠬᠤᠲᠠ ᠶᠢᠨ ᠱᠠᠩᠳᠤ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠪᠠᠶᠢᠳᠠᠯ ᠢ ᠣᠶᠢᠯᠠᠭᠠᠪᠠ᠃
       7 ᠰᠠᠷ᠎ᠠ ᠶᠢᠨ 22 ᠤᠨ ᠡᠳᠦᠷ᠂ ᠪᠡᠭᠡᠵᠢᠩ ᠬᠤᠳᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠯᠠᠭᠠᠨᠴᠠᠪ ᠬᠤᠳᠠ ᠶᠢᠨ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠳ᠋ᠦᠩ ᠵᠢᠶᠠ ᠼᠦᠨ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠢ ᠡᠷᠭᠢᠨ ᠲᠣᠬᠤᠨᠢᠭᠤᠯᠪᠠ᠃        ᠪᠡᠭᠡᠵᠢᠩ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠱᠠᠩᠳᠤ ᠰᠢᠶᠠᠨ ᠳᠤ ᠬᠦᠷᠴᠦ᠂ ᠲᠥᠮᠥᠰᠥᠨ ᠤ ᠬᠤᠲᠠ ᠶᠢᠨ ᠺᠠᠢ ᠳ᠋ᠠ ᠢᠳᠡᠭᠡᠨ ᠤ ᠬᠢᠵᠠᠭᠠᠷᠲᠤ ᠺᠤᠮᠫᠠᠨᠢ᠂ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠰᠢ ᠰᠧᠨ ᠦᠷ᠎ᠡ ᠶᠢᠨ ᠦᠢᠯᠡᠰ ᠤᠨ ᠺᠤᠮᠫᠠᠨᠢ᠂ ᠣᠲᠣ ᠦᠶ᠎ᠡ ᠶᠢᠨ ᠲᠠᠷᠢᠶᠠᠯᠠᠩ ᠤᠨ ᠭᠦᠳᠡᠯᠮᠦᠷᠢ ᠶᠢᠨ ᠬᠥᠮᠦᠵᠢᠯ ᠤᠨ ᠲᠣᠭᠠᠴᠢᠯᠠᠭᠰᠠᠨ ᠰᠠᠭᠤᠷᠢᠨ᠂ ᠱᠠᠩᠳᠤ ᠰᠢᠶᠠᠨ ᠤ ᠠᠵᠢᠯ ᠮᠡᠷᠭᠡᠵᠢᠯ ᠤᠨ ᠰᠤᠷᠭᠠᠭᠤᠯᠢ ᠳᠤ ᠭᠦᠨᠵᠡᠭᠡᠶᠢᠷᠡᠨ᠂ ᠬᠤᠲᠠ ᠬᠤᠰᠢᠭᠤ ᠬᠤᠶᠠᠷ ᠱᠠᠲᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ  ᠶᠢ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠤ ︽ᠪᠦᠯᠭᠦᠮ ᠪᠠᠶᠢᠭᠤᠯᠬᠤ ᠮᠠᠶ᠋ᠢᠭ︾ ᠢᠶᠠᠷ ᠬᠠᠪᠰᠤᠷᠤᠨ ᠲᠡᠳᠬᠦᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠳ᠋ᠦᠩ ᠵᠢᠶᠠ ᠼᠦᠨ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠭᠡᠷ ᠲᠤᠨᠢ ᠬᠦᠷᠴᠦ ᠡᠷᠭᠢᠨ ᠦᠵᠡᠵᠦ ᠲᠣᠬᠤᠨᠢᠭᠤᠯᠪᠠ᠃ ᠭᠦᠭᠡᠬᠤᠲᠠ ᠳᠤ ᠬᠤᠷᠠᠯᠳᠤᠭᠤᠯᠤᠭᠰᠠᠨ ᠪᠡᠭᠡᠵᠢᠩ ᠬᠤᠲᠠ · ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠢᠨ ᠶᠦᠩ ᠪᠣᠯᠣᠨ ᠸᠠᠩ ᠯᠢ ᠰᠢᠶᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠢᠶᠠᠨ ᠲᠣᠰ ᠲᠣᠰ ᠲᠠᠨᠢᠯᠴᠠᠭᠤᠯᠵᠤ᠂ ︽ᠪᠡᠭᠡᠵᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠦᠳᠦᠭᠦᠪᠴᠢ ᠵᠥᠪᠯᠡᠯᠴᠡᠭᠡᠷ︾ ᠲᠤ ᠬᠠᠮᠲᠤ ᠪᠠᠷ ᠭᠠᠷ ᠤᠨ ᠥᠰᠥᠭ ᠵᠢᠷᠤᠵᠤ᠂ ᠶᠢᠨ ᠯᠢ᠂ ᠰᠦᠨ ᠱᠤᠤ ᠴᠧᠩ᠂ ᠴᠧ ᠵᠢᠶᠦ᠋ᠨ ᠶᠠᠷᠢᠶ᠎ᠠ ᠲᠠᠯᠪᠢᠪᠠ᠃ ᠶᠢᠨ ᠯᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠡᠭᠡᠵᠢᠩ ᠬᠤᠳᠠ ᠶᠢᠨ ᠬᠥᠭᠵᠢᠯᠲᠡ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠶᠡᠷᠦᠩᠬᠡᠢ ᠱᠦᠵᠢ ᠰᠢ ᠶᠢᠨ ᠫᠢᠩ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠠᠵᠢᠯ ᠢᠶᠠᠨ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ᠃ ᠰᠢᠨ᠎ᠡ ᠠᠶᠠᠨ ᠳᠤ᠂ ᠪᠡᠭᠡᠵᠢᠩ ᠬᠤᠳᠠ ᠲᠦᠷᠦᠭᠦᠯᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠢᠮᠠᠭᠲᠠ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠤᠯᠭᠠᠵᠤ᠂ ᠬᠠᠮᠤᠭ ᠤᠨ ᠰᠠᠶᠢᠨ ᠪᠠᠷᠢᠮᠵᠢᠶ᠎ᠠ ᠶᠢ ᠪᠠᠷᠢᠮᠲᠠᠯᠠᠵᠤ᠂ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠰᠡᠳᠬᠢᠯ ᠲᠠᠯᠪᠢᠨ ᠬᠦᠴᠦᠯᠡᠨ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠲᠡᠶᠢᠰᠢ ᠭᠠᠷ ᠬᠤᠯᠪᠣᠨ ᠡᠷᠡᠮᠡᠬᠡᠶᠢᠯᠡᠨ ᠤᠷᠤᠭᠰᠢᠯᠠᠬᠤ ᠪᠡᠭᠡᠵᠢᠩ ᠥᠪᠥᠷ ᠮᠣᠩᠭᠤᠯ ᠤᠨ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠠᠮᠲᠤ ᠪᠠᠷ ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠰᠢᠶᠠᠨ ᠤ ᠲᠦᠷᠭᠡᠨ ᠬᠥᠭᠵᠢᠯᠲᠡ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠪᠡᠭᠡᠵᠢᠩ ᠤᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠰᠤᠷᠭᠠᠨ ᠬᠥᠮᠦᠵᠢᠯ᠂ ᠡᠮᠴᠢᠯᠡᠭᠡᠨ ᠤ ︽ᠪᠦᠯᠭᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠬᠠᠮᠵᠢᠯᠴᠠᠬᠤ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠮᠲᠤ ᠪᠠᠷ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ 10 ᠰᠢᠶᠠᠨ ᠳᠠᠬᠢ ᠳᠡᠮᠵᠢᠯᠭᠡ ᠦᠵᠡᠭᠦᠯᠭᠦ ᠡᠷᠴᠢᠮ ᠢᠶᠠᠨ ᠴᠢᠩᠭᠠᠷᠠᠭᠤᠯᠵᠤ᠂ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠵᠦ᠂ ᠬᠤᠶᠠᠷ ᠭᠠᠵᠠᠷ ᠤᠨ ᠬᠥᠳᠡᠭᠡ ᠲᠣᠰᠬᠤᠨ ᠤ ᠨᠠᠮ ᠤᠨ ᠡᠭᠦᠷ ᠬᠠᠪᠰᠤᠷᠤᠯᠴᠠᠭ᠎ᠠ ᠪᠠᠶᠢᠭᠤᠯᠤᠨ ᠬᠠᠮᠲᠤ ᠪᠠᠷ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠵᠢᠱᠢᠶ᠎ᠡ ᠦᠵᠡᠭᠦᠯᠭᠦ ᠲᠣᠰᠬᠤᠨ ᠪᠣᠯᠣᠨ ᠵᠢᠱᠢᠶ᠎ᠡ ᠦᠵᠡᠭᠦᠯᠭᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠰᠢᠨ᠎ᠡ ᠠᠵᠠ ᠲᠣᠭᠢᠶᠠᠯ ᠢ ᠬᠠᠮᠲᠤ ᠪᠠᠷ ᠠᠮᠵᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠵᠤ᠂ ᠪᠦᠭᠦ ᠤᠯᠤᠰ ᠤᠨ ᠵᠠᠬ᠎ᠠ ᠳᠡᠯᠭᠡᠭᠦᠷ᠂ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠥᠷᠭᠡᠨ ᠠᠭᠤᠳᠠᠮ ᠬᠦᠷᠢᠶᠡᠨ ᠳᠤ ᠵᠣᠯᠭᠠᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠣᠷᠣᠨ ᠪᠦᠰᠡ ᠶᠢᠨ ᠬᠠᠮᠲᠤᠷᠠᠯᠴᠠᠭᠠᠨ ᠤ ᠨᠡᠶᠢᠲᠡᠯᠢᠭ ᠵᠢᠱᠢᠶ᠎ᠡ ᠶᠢ ᠬᠠᠮᠲᠤ ᠪᠠᠷ ᠡᠭᠦᠳᠴᠦ᠂ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠠᠭᠤᠯᠢᠭ ᠢ ᠥᠪᠥᠷ ᠮᠣᠩᠭᠤᠯ ᠤᠨ ᠡᠨᠧᠷᠭᠢ ᠶᠢᠨ ᠳᠠᠪᠠᠭᠤᠯᠢᠭ ᠲᠠᠢ ᠤᠶᠠᠯᠳᠤᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠣᠷᠣᠨ ᠪᠦᠰᠡ ᠶᠢᠨ ᠠᠮᠢ ᠠᠬᠤᠢ ᠶᠢᠨ ᠵᠠᠰᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠣᠯ ᠰᠡᠳᠦᠪᠲᠦ ᠬᠥᠮᠦᠵᠢᠯ ᠢᠶᠠᠷ ᠵᠢᠯᠣᠭᠤᠳᠤᠮᠵᠢ ᠪᠤᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠦᠴᠦᠷᠬᠡᠭ ᠶᠡᠭᠡ ᠬᠦᠴᠦᠨ ᠢ ᠴᠢᠨᠠᠭᠰᠢᠳᠠ ᠨᠢᠭᠲᠠᠷᠠᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠬᠦᠷᠢᠶᠡᠨ ᠳᠠᠬᠢ ᠪᠠᠶᠢᠴᠠᠭᠠᠨ ᠰᠤᠳᠤᠯᠤᠯᠲᠠ ᠶᠢ ᠬᠠᠮᠲᠤ ᠪᠠᠷ ᠴᠢᠩᠭᠠᠳᠬᠠᠵᠤ᠂ ᠪᠣᠳᠠᠲᠤ ᠪᠠᠶᠢᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠷᠭᠠᠴᠠᠭᠠᠬᠤ ᠪᠣᠳᠣᠯᠭ᠎ᠠ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠎ᠡ᠃ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠮᠢᠳᠤᠯᠢᠭ ᠦᠯᠢᠭᠡᠷ ᠢ ᠰᠠᠶᠢᠲᠤᠷ ᠶᠠᠷᠢᠨ᠎ᠠ ᠭᠡᠪᠡ᠃
        ᠰᠦᠨ ᠱᠤᠤ ᠴᠧᠩ ᠶᠠᠷᠢᠶᠠᠨ ᠳᠠᠭᠠᠨ᠂ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠪᠡᠭᠡᠵᠢᠩ ᠬᠤᠳᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠵᠦ᠂ ᠲᠥᠪ ᠤᠨ ᠵᠢᠯᠤᠭᠤᠳᠬᠤ ᠳᠤᠭᠤᠶᠢᠯᠠᠩ ᠠᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠳᠤ ᠦᠵᠡᠭᠦᠯᠦᠭᠰᠡᠨ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠤᠭ ᠤᠨ ᠴᠢᠬᠤᠯᠠ ᠨᠢ ᠳᠠᠷᠤᠢ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠡᠨᠡ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠢᠳᠡ ᠢᠲᠡᠭᠡᠯ ᠲᠡᠭᠦᠯᠳᠡᠷ ᠪᠠᠶᠢᠨ᠎ᠠ᠂ ᠥᠪᠡᠷᠰᠡᠳ ᠢᠶᠠᠨ ᠴᠥᠬᠦᠷᠡᠰᠢ ᠦᠭᠡᠢ ᠴᠢᠷᠮᠠᠶᠢᠬᠤ ᠶᠢᠨ ᠬᠠᠮᠲᠤ ᠪᠡᠭᠡᠵᠢᠩ ᠬᠤᠳᠠ ᠶᠢᠨ ᠬᠦᠴᠦᠲᠡᠢ ᠳᠡᠮᠵᠢᠯᠭᠡ ᠶᠢ ᠦᠷᠭᠦᠯᠵᠢᠯᠡᠨ ᠣᠯᠬᠤ ᠶᠢ ᠲᠦᠢᠯ ᠢᠶᠠᠷ ᠬᠦᠰᠡᠵᠦ ᠪᠠᠶᠢᠨ᠎ᠠ᠃ ᠤᠷᠲᠤ ᠬᠤᠭᠤᠴᠠᠭᠠᠨ ᠤ ᠲᠤᠷᠰᠢ ᠪᠡᠭᠡᠵᠢᠩ ᠬᠤᠲᠠ ᠥᠪᠥᠷ ᠮᠣᠩᠭᠤᠯ ᠤᠨ ᠶᠠᠪᠤᠳᠠᠯ ᠢ ᠢᠮᠠᠭᠲᠠ ᠥᠪᠡᠷ ᠤᠨ ᠶᠠᠪᠤᠳᠠᠯ ᠢᠶᠠᠨ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠶᠢᠨ ᠯᠢ ᠱᠦᠵᠢ ᠪᠣᠯᠣᠨ ᠶᠢᠨ ᠶᠦᠩ ᠬᠤᠲᠠ ᠶᠢᠨ ᠳᠠᠷᠤᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠨᠳᠥᠷ ᠲᠦᠪᠰᠢᠨ ᠢᠶᠠᠷ ᠠᠬᠢᠭᠤᠯᠵᠤ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ  ᠳᠤ ᠤᠯᠤᠰ ᠲᠦᠷᠦ ᠶᠢᠨ ᠵᠥᠪᠯᠡᠯᠭᠡᠨ ᠤ ᠬᠦᠴᠦᠨ ᠢ ᠨᠡᠮᠡᠷᠢᠯᠡᠬᠦ︾ ᠠᠵᠢᠯ ᠤᠨ ᠲᠣᠭᠲᠠᠴᠠ ᠢᠯᠡᠳᠲᠡ ᠦᠷ᠎ᠡ ᠪᠦᠲᠦᠮᠵᠢ ᠣᠯᠵᠤ᠂ ︽ᠵᠢᠷᠭᠤᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠰᠠ ᠨᠢᠭᠡᠨ ᠲᠣᠮᠣ ᠠᠯᠬᠤᠮ ᠠᠬᠢᠪᠠ᠃ ᠣᠲᠣ ᠪᠢᠳᠡᠨ ᠤ ᠪᠤᠳᠣᠯ ᠪᠣᠯ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠨᠡ ᠬᠦ ᠰᠠᠶᠢᠨ ᠲᠣᠭᠲᠠᠴᠠ᠂ ᠲᠣᠮᠣ ᠲᠠᠪᠴᠠᠩ ᠢ ᠠᠰᠢᠭᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠵᠢᠯᠴᠠᠨ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠪᠡᠭᠡᠵᠢᠩ ᠥᠪᠥᠷ ᠮᠣᠩᠭᠤᠯ ᠤᠨ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠨᠠᠩ ᠶᠡᠭᠡ ᠬᠡᠪᠴᠢᠶ᠎ᠡ᠂ ᠨᠠᠩ ᠭᠦᠨ ᠳᠠᠪᠬᠤᠷᠭ᠎ᠠ᠂ ᠨᠠᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠨ᠎ᠡ᠃ ᠥᠪᠥᠷ ᠮᠣᠩᠭᠤᠯ ᠬᠡᠳᠦ᠋ᠢᠪᠡᠷ ᠬᠥᠭᠵᠢᠭᠡᠳᠦᠢ ᠭᠠᠵᠠᠷ ᠣᠷᠣᠨ ᠪᠤᠯᠪᠠᠴᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠬᠠᠨᠳᠤᠰᠢ ᠮᠠᠰᠢ ᠰᠠᠶᠢᠨ᠂ ᠳᠠᠯᠳᠠ ᠬᠦᠴᠦᠨ ᠮᠠᠰᠢ ᠶᠡᠭᠡ ᠪᠠᠶᠢᠵᠤ᠂ ᠵᠠᠷᠢᠮ ᠬᠦᠷᠢᠶᠡᠨ ᠳᠤ ᠪᠡᠭᠡᠵᠢᠩ ᠳᠤ ᠨᠠᠩ ᠣᠯᠠᠨ ᠬᠤᠪᠢ ᠨᠡᠮᠡᠷᠢ ᠦᠵᠡᠭᠦᠯᠭᠦ ᠨᠥᠬᠦᠴᠡᠯ ᠲᠠᠢ ᠪᠥᠭᠡᠳ ᠴᠢᠳᠠᠪᠤᠷᠢ ᠲᠠᠢ ᠪᠠᠶᠢᠨ᠎ᠠ᠃ ᠢᠷᠡᠭᠡᠳᠦᠢ ᠳᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠣᠷᠣᠨ ᠵᠠᠢ ᠯᠤᠲᠤ ᠶᠡᠭᠡ ᠪᠠᠶᠢᠵᠤ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶᠠᠨ ᠤ ᠲᠠᠯ᠎ᠠ ᠪᠠᠷ ᠴᠤ ᠮᠠᠰᠢ ᠣᠯᠠᠨ ︽ᠠᠷᠠᠯᠵᠢᠶ᠎ᠠ︾ ᠬᠢᠵᠦ ᠪᠤᠯᠬᠤ ᠶᠤᠮ᠂ ᠪᠡᠭᠡᠵᠢᠩ ᠤᠨ ᠠᠵᠤ ᠠᠬᠤᠶᠢᠯᠠᠯ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠥᠪᠥᠷ ᠮᠣᠩᠭᠤᠯ ᠳᠤ ᠢᠷᠡᠵᠦ ᠶᠡᠭᠡ ᠦᠢᠯᠡ ᠶᠢ ᠪᠦᠲᠦᠭᠡᠵᠦ ᠪᠤᠯᠬᠤ ᠶᠤᠮ᠃ ᠪᠢᠳᠡ ᠯᠠᠪᠲᠠᠢ ᠬᠠᠩᠭᠠᠵᠤ ᠳᠡᠶᠢᠯᠭᠦ ᠨᠥᠬᠦᠴᠡᠯ ᠢᠶᠠᠨ ᠪᠦᠭᠦᠨ ᠢ ᠬᠠᠩᠭᠠᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠣᠷᠴᠢᠨ ᠨᠥᠬᠦᠴᠡᠯ ᠢ ᠰᠠᠶᠢᠲᠤᠷ ᠪᠤᠢ ᠪᠣᠯᠭᠠᠨ᠎ᠠ᠃ ᠪᠡᠭᠡᠵᠢᠩ ᠯᠦᠭᠡ ᠪᠦᠭᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠬᠦ ᠳᠤ ᠪᠡᠭᠡᠵᠢᠩ ᠤᠨ ᠬᠢᠨ ᠳᠦᠷᠢᠮ ᠲᠣᠭᠲᠠᠴᠠ ᠪᠣᠯᠣᠨ ᠲᠡᠷᠢᠭᠦᠨ ᠤ ᠲᠤᠷᠰᠢᠯᠭ᠎ᠠ ᠪᠠᠨ ᠥᠪᠥᠷ ᠮᠣᠩᠭᠤᠯ ᠳᠤ ᠢᠯᠡᠭᠦᠬᠡᠨ ᠤᠯᠠᠮᠵᠢᠯᠠᠨ ᠥᠭᠴᠦ᠂ ᠨᠡᠶᠢᠰᠯᠡᠯ ᠤᠨ ᠤᠶᠤᠨ ᠤᠬᠠᠭᠠᠨ ᠢᠶᠠᠷ ᠥᠪᠥᠷ ᠮᠣᠩᠭᠤᠯ ᠤᠨ ᠬᠥᠭᠵᠢᠯᠲᠡ ᠳᠤ ᠬᠦᠴᠦᠨ ᠴᠢᠳᠠᠯ ᠣᠯᠭᠤᠬᠤ ᠶᠢ ᠣᠨᠴᠠᠭᠠᠶᠢᠯᠠᠨ ᠬᠦᠰᠡᠵᠦ ᠪᠠᠶᠢᠨ᠎ᠠ ᠭᠡᠵᠡᠢ᠃ ᠴᠧ ᠵᠢᠶᠦ᠋ᠨ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠵᠤ᠂ ᠬᠥᠭᠵᠢᠯᠲᠡ ᠶᠢ ᠬᠠᠮᠲᠤ ᠪᠠᠷ ᠠᠬᠢᠭᠤᠯᠬᠤ ᠨᠢ ᠬᠤᠶᠠᠷ ᠭᠠᠵᠠᠷ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠦᠲᠦᠮᠵᠢᠲᠡᠢ ᠠᠴᠢᠶᠠᠯᠠᠪᠤᠷᠢ ᠪᠤᠯᠬᠤ ᠪᠠᠷ ᠪᠠᠷᠠᠬᠤ ᠦᠭᠡᠢ ᠪᠠᠰᠠ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠬᠤ ᠬᠦᠴᠦᠲᠡᠢ ᠭᠠᠷᠳᠠᠴᠠ ᠪᠣᠯᠣᠨ᠎ᠠ ᠃ ᠪᠡᠭᠡᠵᠢᠩ ᠪᠣᠯᠣᠨ ᠥᠪᠥᠷ ᠮᠣᠩᠭᠤᠯ ᠪᠣᠯ ᠴᠥᠮ ᠶᠡᠷᠦᠩᠬᠡᠢ ᠱᠦᠵᠢ ᠰᠢ ᠶᠢᠨ ᠫᠢᠩ ᠤᠨ ᠲᠦᠢᠯ ᠢᠶᠠᠷ ᠬᠠᠯᠠᠮᠵᠢᠯᠠᠨ ᠠᠩᠬᠠᠷᠴᠤ ᠪᠠᠶᠢᠭ᠎ᠠ ᠪᠥᠭᠡᠳ ᠪᠡᠶ᠎ᠡ ᠪᠠᠷ ᠢᠶᠠᠨ ᠰᠡᠳᠬᠢᠯ ᠲᠠᠯᠪᠢᠨ ᠵᠢᠭᠠᠨ ᠵᠢᠯᠤᠭᠤᠳᠴᠤ ᠪᠠᠶᠢᠭ᠎ᠠ ᠭᠠᠵᠠᠷ ᠪᠣᠯᠣᠨ᠎ᠠ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠵᠠᠩᠭᠢᠯᠠᠭ᠎ᠠ ᠨᠢ ᠬᠠᠰᠢ ᠯᠠ ᠨᠢᠭᠡ ᠨᠢᠭᠡ ᠠᠯᠬᠤᠮ ᠢᠶᠠᠷ ᠶᠡᠷᠦᠩᠬᠡᠢ ᠱᠦᠵᠢ ᠶᠢᠨ ᠵᠢᠷᠤᠭᠯᠠᠭᠰᠠᠨ ᠠᠤᠭ᠎ᠠ ᠵᠢᠷᠤᠭ ᠲᠥᠰᠥᠪ᠂ ᠬᠢᠭᠰᠡᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠪᠡᠶᠡᠯᠡᠭᠦᠯᠬᠦ ᠬᠡᠷᠡᠭᠲᠡᠢ᠃ ᠪᠡᠭᠡᠵᠢᠩ ᠪᠣᠯᠣᠨ ᠥᠪᠥᠷ ᠮᠣᠩᠭᠤᠯ ᠥᠩᠭᠡᠷᠡᠭᠰᠡᠨ ᠳᠤ ᠪᠠᠲᠤ ᠪᠠᠬᠢ ᠬᠠᠮᠲᠤᠷᠠᠯᠴᠠᠭᠠᠨ ᠤ ᠰᠠᠭᠤᠷᠢ ᠲᠠᠢ᠂ ᠤᠳᠤ ᠰᠠᠶᠢᠨ ᠰᠠᠶᠢᠬᠠᠨ ᠬᠠᠮᠲᠤᠷᠠᠯᠴᠠᠭᠠᠨ ᠤ ᠠᠵᠠ ᠲᠣᠭᠢᠶᠠᠯ ᠲᠠᠢ᠂ ᠢᠷᠡᠭᠡᠳᠦᠢ ᠳᠤ ᠨᠡᠩ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠣᠳᠣᠬᠠᠨ ᠳᠤ ᠬᠤᠶᠠᠷ ᠭᠠᠵᠠᠷ ᠤᠨ ᠬᠠᠮᠵᠢᠯᠴᠠᠭ᠎ᠠ ᠨᠢ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠨᠡᠶᠢᠰᠯᠡᠯ ᠤᠨ ᠪᠤᠰᠤ ᠦᠢᠯᠡᠳᠦᠯ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ᠂ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠵᠡᠷᠭᠡ ᠲᠠᠯ᠎ᠠ ᠪᠠᠷ ᠢᠯᠡᠳᠲᠡ ᠠᠵᠠ ᠲᠣᠭᠢᠶᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠶᠡᠷᠦᠩᠬᠡᠢ ᠱᠦᠵᠢ ᠶᠢᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠲᠠᠯ᠎ᠠ ᠪᠠᠷ ᠵᠠᠰᠠᠭ ᠤᠨ ᠣᠷᠳᠣᠨ ᠤ ᠦᠢᠯᠡᠳᠦᠯ ᠢ ᠰᠠᠶᠢᠲᠤᠷ ᠪᠠᠳᠠᠷᠠᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠮᠵᠢᠯᠴᠠᠭᠠᠨ ᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠭᠦᠯᠵᠦ᠂ ᠬᠠᠮᠲᠤᠷᠠᠯᠴᠠᠭᠠᠨ ᠤ ᠬᠡᠪᠴᠢᠶ᠎ᠡ ᠶᠢ ᠶᠡᠬᠡᠰᠬᠡᠵᠦ᠂ ᠬᠠᠮᠲᠤᠷᠠᠯᠴᠠᠭᠠᠨ ᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠢ᠂ ᠰᠤᠷᠭᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠥᠭᠦᠭᠡ ᠲᠠᠯ᠎ᠠ ᠪᠠᠷ ᠪᠦᠲᠦᠮᠵᠢᠲᠡᠶ ᠵᠠᠬ᠎ᠠ ᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠵᠤ᠂ ᠠᠵᠤ ᠦᠢᠯᠡᠰ ᠤᠨ ᠬᠠᠮᠲᠤᠷᠠᠯᠴᠠᠭ᠎ᠠ ᠪᠠᠷ ᠭᠤᠣᠯᠳᠠᠯᠭ᠎ᠠ ᠪᠤᠯᠭᠠᠵᠤ᠂ ᠲᠥᠷᠥᠯ ᠵᠦᠢᠯ ᠢᠶᠠᠷ ᠠᠴᠢᠶᠠᠯᠠᠪᠤᠷᠢ ᠪᠤᠯᠭᠠᠵᠤ᠂ ᠨᠠᠩ ᠣᠯᠠᠨ ᠠᠵᠤ ᠠᠬᠤᠶᠢᠯᠠᠯ ᠢ ᠲᠡᠳᠡᠨ ᠬᠠᠮᠵᠢᠯᠴᠠᠭᠠᠨ ᠳᠤ ᠣᠷᠣᠯᠴᠠᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠶᠠᠷ ᠭᠠᠵᠠᠷ ᠤᠨ ᠬᠢᠨ ᠥᠨᠳᠥᠷ ᠲᠦᠪᠰᠢᠨ ᠪᠦᠬᠦᠢ ᠬᠠᠮᠵᠢᠯᠴᠠᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠶᠢ ᠬᠦᠰᠡᠵᠦ ᠪᠠᠶᠢᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠪᠣᠯ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠴᠢᠬᠤᠯᠠ ᠬᠦᠴᠦᠯᠡᠬᠦ ᠴᠡᠭ ᠪᠣᠯᠣᠨ᠎ᠠ᠃ ᠬᠤᠶᠠᠷ ᠭᠠᠵᠠᠷ ᠤᠨ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ᠬᠥᠳᠡᠯᠭᠡᠬᠦ ᠬᠦᠴᠦᠨ ᠪᠤᠯᠭᠠᠵᠤ᠂ ᠶᠡᠷᠦᠩᠬᠡᠢ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ ᠬᠠᠮᠲᠤᠷᠠᠯᠴᠠᠨ ᠬᠥᠭᠵᠢᠬᠦ ᠶᠢ ᠭᠦᠨᠵᠡᠭᠡᠶᠢᠷᠡᠭᠦᠯᠦᠭᠰᠡᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠶᠠᠷᠢᠯᠴᠠᠬᠤ ᠬᠤᠷᠠᠯ ᠠᠴᠠ ᠡᠮᠦᠨ᠎ᠡ᠂ ᠬᠤᠶᠠᠷ ᠲᠠᠯ᠎ᠠ ᠶᠢᠨ ᠤᠳᠤᠷᠢᠳᠤᠯᠭ᠎ᠠ ᠪᠡᠭᠡᠵᠢᠩ ᠬᠤᠳᠠ ᠶᠢᠨ ᠮᠠᠨ ᠤ ᠣᠷᠣᠨ ᠳᠤ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠶᠢ ᠪᠣᠯᠭᠤᠭᠠᠨ ᠦᠵᠡᠪᠡ᠃ ᠪᠡᠭᠡᠵᠢᠩ ᠬᠤᠳᠠ ᠶᠢᠨ ᠤᠳᠤᠷᠢᠳᠤᠯᠭ᠎ᠠ ᠰᠦᠨ ᠮᠧᠢ ᠵᠢᠶᠦ᠋ᠨ᠂ ᠴᠧᠨ ᠵᠢᠶᠠᠨ᠂ ᠰᠢᠶᠠ ᠯᠢᠨ ᠮᠣᠣ ᠂ ᠵᠤᠤ ᠯᠧᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠰᠢᠨ᠂ ᠳᠠᠶᠢᠴᠢᠨ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ᠃ ᠪᠡᠭᠡᠵᠢᠩ ᠬᠤᠳᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠳᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤ ᠰᠢᠶᠠᠨ ᠤ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2