ᠭᠤᠤ ᠶᠦᠩ ᠪᠢᠨ ᠴᠢᠬᠤᠯᠠ ᠶᠡᠬᠡ ᠲᠦᠷᠦᠯ ᠵᠦᠢᠯ ᠦᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/25
       7 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠮᠠᠨ ᠤ ᠰᠢᠶᠠᠨ ᠤ ᠴᠢᠬᠤᠯᠠ ᠶᠡᠭᠡ  ᠵᠤᠶᠢᠯᠡᠰ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠤᠷ ᠤᠨ ᠠᠵᠢᠯᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠰᠢᠶᠦᠩ ᠸᠧᠢ᠂ ᠵᠠᠩ ᠷᠢ ᠭᠤᠤ᠂ ᠴᠧᠨ ᠶᠠ ᠮᠢᠩ᠂ ᠵᠠᠩ ᠭᠤᠸᠠᠩ᠂ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠤᠸᠠᠨ ᠬᠠᠢ ᠬᠤᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃         ᠭᠤᠤ ᠶᠦᠩ ᠪᠢᠨ ᠤᠷᠢᠳ ᠬᠤᠵᠢᠳ ᠥᠪᠥᠷ ᠮᠣᠩᠭᠤᠯ ᠤᠨ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠥᠮᠥᠰᠥ ᠶᠢ ᠨᠠᠷᠢᠯᠢᠭ ᠡᠳ᠋ᠰᠢᠭᠦᠯᠬᠦ ᠪᠦᠬᠦ ᠠᠵᠤ ᠦᠢᠯᠡᠰ ᠤᠨ  ᠬᠡᠯᠬᠢᠶ᠎ᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠥᠪᠥᠷ ᠮᠣᠩᠭᠤᠯ ᠤᠨ ᠾᠧᠩ ᠱᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠰᠠᠯᠬᠢ ᠬᠡᠷᠡᠯ ᠤᠨ ᠡᠨᠧᠷᠭᠢ ᠶᠢᠨ ᠤᠰᠤᠲᠥ᠋ᠷᠥᠭᠴᠢ ᠶᠢ ᠦᠢᠯᠡᠳᠬᠦ ᠶᠢ ᠨᠢᠭᠡ ᠴᠤᠬᠴᠠᠵᠢᠭᠤᠯᠤᠬᠰᠠᠨ  ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠤᠬᠠᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ᠂ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠪᠠᠷᠢᠯᠭ᠎ᠠ ᠶᠢᠨ ᠠᠬᠢᠴᠠ᠂ ᠬᠦᠴᠦᠨ  ᠵᠣᠶᠢᠯ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ  ᠵᠣᠶᠢᠯ ᠢ ᠳᠥᠯᠭᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃          ᠭᠤᠤ ᠶᠦᠩ ᠪᠢᠨ ᠬᠡᠯᠡᠬᠦ ᠳᠡᠭᠡᠨ᠂ ᠴᠢᠬᠤᠯᠠ ᠶᠡᠭᠡ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠠ ᠭᠠᠷᠳᠠᠴᠠ ᠮᠥᠨ᠂ ᠡᠯ᠎ᠡ ᠤᠳᠤᠷᠢᠳᠤᠯᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠳᠤ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ  ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠡᠷᠬᠡ ᠠᠰᠠᠭᠤᠳᠠᠯ ᠢ ᠪᠥᠬᠦ ᠬᠦᠴᠦᠨ ᠢᠶᠠᠷ ᠢᠶᠠᠨ  ᠰᠢᠢᠳᠪᠦᠷᠢᠯᠡᠵᠦ᠂ ᠲᠥᠷᠥᠯ  ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ ᠭᠡᠵᠡᠶ᠃ ᠡᠯ᠎ᠡ ᠠᠵᠤ ᠠᠬᠤᠶᠢᠯᠠᠯ ᠲᠥ᠋ᠷᠥᠯ  ᠵᠣᠶᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠣᠳᠣᠬᠠᠨ ᠤ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠯᠠ ᠮᠥᠩᠭᠦ ᠶᠢᠨ ᠬᠦᠴᠦᠨ  ᠵᠤᠶᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠥᠷᠥᠯ  ᠵᠤᠶᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠡᠵᠡᠩᠨᠡᠵᠦ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2