ᠶᠠᠩ ᠸᠸᠨ ᠾᠦᠢ 2023 ᠣᠨ ᠤ 12 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/25
       7 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ  ᠸᠧᠨ ᠾᠦᠢ 2023 ᠣᠨ ᠤ 12 ᠳ᠋ᠤᠭᠠᠷ ᠤᠳᠠᠭ᠎ᠠ ᠶᠢᠨ ᠰᠢᠶᠠᠨ ᠤ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ 2024 ᠣᠨ ᠤ  ᠵᠦᠢᠯᠡᠰ ᠢ ᠲᠥᠯᠥᠪᠯᠡᠵᠦ ᠨᠥᠭᠡᠴᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠶ ᠰᠡᠳᠦᠪ ᠢᠶᠠᠷ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠶᠢᠨ ᠬᠢᠨ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠤᠬᠠᠮᠰᠠᠷ᠂ ᠬᠠᠮᠵᠢᠯᠴᠠᠬᠤ ᠤᠬᠠᠮᠰᠠᠷ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ︽ᠲᠥᠷᠥᠯ  ᠵᠤᠶᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠳᠤᠯᠤᠨ ᠣᠶᠢᠯᠠᠭᠠᠵᠤ᠂ ᠬᠦᠴᠦᠯᠡᠬᠦ ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠶ ᠵᠣᠯᠭᠠᠭᠤᠯᠵᠤ᠂ ᠮᠠᠨ ᠤ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠷᠣᠨ ᠪᠦᠰᠡ ᠶᠢᠨ ᠣᠨᠴᠠᠯᠢᠭ᠂ ᠠᠵᠤ ᠦᠶ᠋ᠯᠡᠰ ᠤᠨ ᠪᠠᠶᠢᠷᠢᠰᠢᠭᠤᠯᠤᠯᠲᠠ ᠶᠢᠨ ᠨᠡᠶᠢᠯᠡᠯ ᠴᠡᠭ ᠢ ᠣᠨᠣᠪᠴᠢᠲᠠᠶ ᠡᠷᠢᠨ ᠣᠯᠵᠤ᠂ ᠰᠡᠳᠬᠢᠬᠦᠶ ᠶᠢᠨ ᠰᠢᠨ᠎ᠡ ᠶᠢ ᠡᠭᠦᠳᠦᠨ᠂ ᠲᠥᠷᠥᠯ ᠬᠤᠪᠢᠶᠠᠨ ᠡᠮᠬᠢᠯᠡᠵᠦ᠂ ᠲᠥᠷᠥᠯ  ᠵᠤᠶᠢᠯ ᠢ ᠲᠥᠯᠥᠪᠵᠢᠭᠦᠯᠦᠨ ᠨᠥᠭᠡᠴᠡᠯᠡᠬᠦ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠲᠦᠷᠦᠯ ᠵᠦᠢᠯ ᠢ ᠲᠥᠯᠥᠪᠵᠢᠭᠦᠯᠬᠦ ᠶᠢ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠲᠦᠷᠦᠯ ᠵᠦᠢᠯ ᠤᠨ ᠨᠠᠷᠢᠨ ᠲᠠᠩᠰᠠ ᠶᠢ ᠲᠠᠰᠤᠷᠠᠯᠲᠠ ᠦᠭᠡᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠥᠭᠡᠴᠡᠯᠡᠬᠦ ᠲᠦᠷᠦᠯ ᠵᠦᠢᠯ ᠤᠨ ᠰᠢᠨᠵᠢᠯᠡᠬᠦ ᠤᠬᠠᠭᠠᠨᠴᠢ ᠴᠢᠨᠠᠷ᠂ ᠪᠠᠷᠠᠭᠠᠯᠬᠢᠯᠠᠯ ᠤᠨ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠨᠡᠨᠬᠦ ᠲᠤᠯᠭᠠᠭᠤᠷᠢᠯᠠᠬᠤ ᠭᠦᠴᠥᠨ ᠢ ᠬᠠᠩᠭᠠᠬᠤ ᠬᠡᠷᠡᠭᠲᠡᠢ᠃         ᠰᠢᠶᠠᠨ ᠤ ᠤᠳᠤᠷᠢᠳᠤᠯᠭ᠎ᠠ ᠸᠠᠩ ᠲᠢᠶᠠᠨ ᠢᠦᠢ᠂ ᠸᠧᠢ ᠸᠧᠢ᠂ ᠵᠠᠩ ᠭᠤᠸᠠᠩ᠂ ᠵᠤᠤ  ᠭᠦᠸᠧ ᠸᠡᠨ᠂ ᠸᠠᠩ ᠬᠤ᠋ ᠵᠢᠶᠦ᠋ᠨ᠂ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢᠦ ᠷᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2