ᠭᠤᠤ ᠶᠦᠩ ᠪᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠵᠠᠰᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/7/26
     7 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠶᠣᠣ ᠬᠠᠢ ᠹᠠᠨᠭ᠌᠂ ᠴᠧᠨ ᠶᠠ ᠮᠢᠩ᠂ ᠵᠠᠩ ᠭᠤᠸᠠᠩ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠰᠤᠨ ᠠᠰᠢᠭᠯᠠᠯᠲᠠ ᠶᠢᠨ  ᠲᠤᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠤᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       ᠭᠤᠤ ᠶᠦᠩ ᠪᠢᠨ ᠤᠷᠢᠳ ᠬᠤᠵᠢᠳ ᠰᠢᠶᠤᠤ ᠬᠠᠢ ᠽᠢ ᠪᠠᠯᠭᠠᠰᠤ ᠶᠢᠨ ᠰᠦᠩ ᠵᠢᠶᠠ ᠼᠦᠨ ᠲᠣᠰᠬᠤᠨ᠂ ᠱᠢ ᠪᠠ ᠴᠢᠩ ᠪᠠᠯᠭᠠᠰᠤ ᠶᠢᠨ ᠰᠠᠨ ᠴᠢᠩ ᠼᠦᠨ ᠲᠣᠰᠬᠤᠨ᠂ ᠳ᠋ᠦᠩ ᠶᠢᠩᠽᠢ ᠼᠦᠨ ᠲᠣᠰᠬᠤᠨ᠂ ᠶᠡᠭᠡ ᠬᠠᠰᠢᠶᠠᠲᠦ ᠪᠠᠯᠭᠠᠰᠤ ᠶᠢᠨ ᠬᠠ ᠪᠦᠦ ᠭᠸᠤ ᠲᠣᠰᠬᠤᠨ᠂ ᠠᠷᠪᠠᠨ ᠨᠢᠭᠡᠳᠦᠭᠡᠷ ᠲᠣᠰᠬᠤᠨ ᠪᠣᠯᠤᠨ ᠴᠠᠭᠠᠨᠨᠠᠭᠤᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠲᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠵᠢᠴᠢ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃       ᠭᠤᠤ ᠶᠦᠩ ᠪᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠣᠯ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠭᠠᠷᠳᠠᠴᠠ ᠪᠣᠯᠤᠨ᠎ᠠ᠂ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠠᠷᠭ᠎ᠠ  ᠬᠡᠮᠵᠢᠶ᠎ᠡ ᠶᠢ ᠴᠢᠩᠭᠠᠳᠬᠠᠵᠤ ᠂ ᠲᠦᠷᠦ ᠶᠢᠨ ᠪᠤᠳᠤᠯᠭ᠎ᠠ ᠶᠢ ᠡᠷᠦᠬᠡ ᠳᠤ ᠬᠦᠷᠲᠡᠯ᠎ᠡ ᠬᠡᠷᠡᠭᠵᠢᠭᠦᠯᠬᠦ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠢᠨᠠᠭᠰᠢᠳᠠ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠬᠠᠩᠭᠠᠯᠭ᠎ᠠ ᠶᠢᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠠᠬᠢᠴᠠ ᠪᠠᠨ ᠲᠦᠷᠭᠡᠳᠬᠡᠵᠦ᠂ ᠤᠯᠠᠨ ᠲᠦᠮᠡᠨ ᠤ ᠠᠷᠢᠭᠤᠨ ᠴᠡᠪᠡᠷ ᠢᠯᠴᠢ ᠶᠢᠨ ᠡᠬᠢ ᠰᠤᠷᠪᠤᠯᠵᠢ ᠶᠢ ᠡᠳ᠋ᠯᠡᠬᠦ᠂ ᠳᠤᠯᠠᠭᠠᠯᠠᠭ᠎ᠠ ᠶᠢᠨ ᠤᠯᠠᠷᠢᠯ ᠳᠤ ᠳᠤᠯᠠᠭᠠᠨ ᠲᠠᠭᠠᠯᠠᠮᠵᠢᠲᠠᠢ ᠪᠠᠷ ᠡᠪᠦᠯᠵᠢᠬᠦ ᠶᠢ ᠪᠠᠲᠤᠯᠠᠬᠤ ᠬᠡᠷᠡᠭᠲᠡᠢ᠃ ᠲᠤᠬᠠᠶ ᠶᠢᠨ ᠭᠠᠵᠠᠷ ᠤᠨ ᠲᠠᠷᠢᠶᠠᠯᠠᠩ ᠤᠨ ᠬᠡᠷᠡᠭᠰᠡᠬᠦ ᠤᠰᠦᠨ ᠤ ᠪᠠᠶᠢᠳᠠᠯ ᠲᠠᠢ ᠪᠠᠨ ᠤᠶᠠᠯᠳᠤᠭᠤᠯᠤᠨ᠂ ᠲᠠᠷᠢᠶᠠᠯᠠᠩ ᠤᠨ ᠤᠰᠤᠨ ᠤ ᠦᠨ᠎ᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠶ᠂ ᠠᠷᠪᠢᠲᠠᠶ᠂ ᠪᠣᠬᠢᠷᠲᠤᠯ ᠥᠬᠡᠶ᠂ ᠦᠷᠭᠦᠯᠵᠢᠯᠡᠨ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃       ᠭᠤᠣ ᠶᠦᠩ ᠪᠢᠨ ᠬᠡᠯᠡᠬᠦ ᠳᠡᠭᠡᠨ᠂ ᠴᠠᠭᠠᠨᠨᠠᠭᠤᠷ ᠪᠣᠯ ᠪᠡᠭᠡᠵᠢᠩ ᠲᠢᠶᠠᠨᠵᠢᠨ ᠡᠾᠧᠪᠸᠢ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠮᠥᠨ᠂ ᠮᠠᠨ ᠤ ᠰᠢᠶᠠᠨ ᠤ ᠬᠢᠨ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠣᠶᠢᠷ᠎ᠠ ᠶᠢᠨ ᠵᠢᠯ ᠠᠴᠠ᠂ ᠴᠠᠭᠠᠨᠨᠠᠭᠤᠷ ᠤᠨ ᠰᠠᠪᠠ ᠭᠠᠵᠠᠷ ᠲᠤ ᠤᠰᠤ ᠠᠷᠪᠢᠯᠠᠬᠤ ᠲᠠᠷᠢᠶᠠᠯᠠᠩ᠂ ᠬᠠᠭᠤᠷᠠᠢ ᠪᠠᠷ ᠲᠠᠷᠢᠵᠤ ᠪᠣᠷᠣᠭᠠᠨ ᠢᠶᠠᠷ ᠲᠡᠵᠢᠭᠡᠬᠦ ᠲᠠᠷᠢᠶᠠᠯᠠᠩ᠂ ᠡᠪᠡᠰᠦᠨ ᠲᠡᠵᠢᠭᠡᠯᠳᠦ ᠮᠠᠯ ᠠᠵᠤ ᠠᠬᠤᠢ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ ᠠᠮᠢ ᠠᠬᠤᠢ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠪᠠ᠂ ᠳᠠᠷᠠᠭᠠᠴᠢ ᠶᠢᠨ ᠠᠯᠬᠤᠮ ᠳᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠣᠯᠤᠨ ᠲᠠᠷᠢᠮᠠᠯ ᠤᠨ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠴᠠᠭᠠᠨᠨᠠᠭᠤᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠣᠯᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2