ᠱᠧᠨᠵᠧᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠱᠠᠩᠳᠤ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠬᠤ ᠶᠢ ᠵᠣᠯᠭᠠᠭᠤᠯᠪᠠ
ᠨᠡᠶᠢᠲᠡᠯᠡᠭᠰᠡᠨ ᠴᠠᠭ᠄
2023/7/26
       7 ᠰᠠᠷ᠎ᠠ ᠶᠢᠨ 25 ᠤ ᠡᠳᠦᠷ᠂ ᠱᠧᠨᠵᠧᠨ ᠬᠤᠲᠠ ᠶᠢᠨ ᠠᠨ ᠳ᠋ᠢᠩ ᠨᠢᠭᠦᠯᠡᠰᠦᠩᠭᠦᠶ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠳᠠᠷᠤᠭ᠎ᠠ᠂ ᠱᠧᠨᠵᠧᠨ ᠬᠤᠲᠠ ᠶᠢᠨ ᠽᠤ᠋ ᠸᠧᠶ ᠪᠠᠯᠠ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᠸᠧᠶ ᠶᠧ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠱᠠᠩᠳᠤ ᠰᠢᠶᠠᠨ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠤᠳᠤᠷᠢᠳᠤᠯᠭ᠎ᠠ ᠸᠠᠩ ᠲᠢᠶᠠᠨ ᠢᠦᠢ᠂ ᠸᠧᠢ ᠸᠧᠢ᠂ ᠶᠤᠸᠠᠨ ᠬᠠᠢ ᠬᠤᠩ ᠶᠠᠷᠢᠯᠴᠠᠬᠤ ᠬᠤᠷᠠᠯ ᠳᠤ ᠣᠷᠣᠯᠴᠠᠪᠠ᠃ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠯᠠ ᠣᠷᠣᠭᠤᠯᠤᠯᠲᠠ ᠶᠢ ᠠᠬᠢᠭᠤᠯᠬᠤ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃        ᠶᠠᠷᠢᠯᠴᠠᠬᠤ ᠬᠤᠷᠠᠯ ᠳᠡᠭᠡᠷ᠎ᠡ᠂ ᠶᠠᠩ  ᠸᠧᠨ ᠾᠦᠢ ᠰᠢᠶᠠᠨ ᠤ ᠨᠠᠮ ᠤᠨ  ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠡᠮᠦᠨ᠎ᠡ ᠠᠴᠠ ᠯᠢᠶᠠᠩ ᠸᠧᠢ ᠶᠧ ᠬᠠᠮᠲᠤ ᠢᠷᠡᠭᠰᠡᠳ ᠤᠨ  ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠰᠣᠶᠣᠯ ᠤᠨ ᠠᠭᠤᠯᠤᠭᠳᠠᠬᠤᠨ᠂ ᠣᠷᠣᠨ ᠪᠦᠰᠡ ᠶᠢᠨ ᠵᠠᠮ ᠬᠠᠷᠢᠯᠴᠠᠭ᠎ᠠ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠲᠠᠯ᠎ᠠ ᠪᠠᠷ ᠮᠠᠨ ᠤ ᠰᠢᠶᠠᠨ ᠤ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠪᠣᠯᠤᠨ ᠤᠨᠴᠠᠯᠢᠬᠳᠤ ᠠᠵᠤ ᠦᠢᠯᠡᠰ ᠢ ᠲᠠᠨᠢᠯᠴᠠᠭᠤᠯᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠱᠠᠩᠳᠤ ᠰᠢᠶᠠᠨ ᠢ ᠨᠡᠩ ᠭᠦᠨᠵᠡᠭᠡᠢ ᠣᠶᠢᠯᠠᠭᠠᠵᠤ᠂ ᠤᠯᠤᠯᠴᠠᠭ᠎ᠠ ᠬᠠᠷᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠤᠷᠰᠢᠯᠭ᠎ᠠ ᠪᠠᠨ ᠰᠣᠯᠢᠯᠴᠠᠵᠤ᠂ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠬᠠᠮᠲᠤᠷᠠᠯᠴᠠᠭ᠎ᠠ ᠥᠷᠨᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠱᠠᠩᠳᠤ ᠰᠢᠶᠠᠨ ᠤ ᠬᠢᠨ ᠡᠯ᠎ᠡ ᠵᠦᠢᠯ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠷᠢᠭᠦᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃         ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢ ᠲᠦᠢᠯ ᠢᠶᠠᠷ ᠴᠢᠬᠤᠯᠠᠴᠢᠯᠠᠵᠤ᠂ ᠡᠭᠦᠨ ᠢᠶᠠᠷ ᠠᠵᠠ ᠲᠣᠬᠢᠶᠠᠯ ᠪᠣᠯᠭᠠᠵᠤ᠂  ᠱᠠᠩᠳᠦ ᠰᠢᠶᠠᠨ ᠢ ᠤᠯᠠᠮ ᠴᠢᠨᠠᠭᠰᠢᠳᠠ ᠣᠶᠢᠯᠠᠭᠠᠵᠤ᠂ ᠨᠡᠩ ᠤᠯᠠᠨ ᠰᠢᠨ᠎ᠡ ᠮᠡᠷᠭᠡᠵᠢᠯ ᠪᠣᠯᠤᠨ ᠰᠢᠨ᠎ᠡ ᠤᠢᠢᠯᠠᠭᠠᠭᠳᠠᠬᠤᠨ ᠢ ᠱᠠᠩᠳᠦ ᠰᠢᠶᠠᠨ ᠳᠤ ᠠᠪᠴᠢᠷᠠᠵᠤ᠂ ᠲᠤᠬᠠᠢ ᠶᠢᠨ ᠭᠠᠵᠠᠷ ᠤᠨ ᠤᠨᠴᠠᠯᠢᠬᠳᠤ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠪᠣᠯᠤᠨ ᠠᠵᠤ ᠦᠢᠯᠡᠰ ᠤᠨ ᠲᠡᠰ ᠲᠡᠪᠰᠢᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠠᠯ᠎ᠠ ᠶᠢᠨ ᠨᠡᠩ ᠶᠡᠭᠡ  ᠬᠡᠪᠴᠢᠶ᠎ᠡ᠂ ᠨᠡᠩ ᠥᠷᠭᠡᠨ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃        ᠶᠠᠷᠢᠯᠴᠠᠬᠤ ᠬᠤᠷᠠᠯ ᠠᠴᠠ ᠡᠮᠦᠨ᠎ᠡ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠱᠠᠩᠳᠤ ᠰᠢᠶᠠᠨ ᠤ ᠬᠤᠯᠪᠣᠭᠳᠠᠯ ᠪᠦᠬᠦᠢ ᠠᠵᠤ ᠠᠬᠤᠶᠢᠯᠠᠯ ᠢ ᠲᠣᠭᠤᠷᠢᠨ ᠦᠵᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2