ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/27
      7 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠨᠠᠮ ᠤᠨ ᠬᠤᠷᠢᠶ᠎ᠠ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠭᠤᠤ ᠶᠦᠩ ᠪᠢᠨ ᠰᠢᠶᠠᠨ ᠤ ᠨᠠᠮ ᠤᠨ ᠬᠤᠷᠢᠶ᠎ᠠ ᠶᠢᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃        ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠰᠢᠶᠠᠨ ᠤ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠣᠣ ᠬᠠᠶ  ᠹᠠᠨᠭ᠌᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠣᠣ  ᠭᠦᠸᠧ  ᠸᠡᠨ ᠵᠢᠴᠢ ᠰᠢᠶᠠᠨ ᠤ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠱᠠᠩᠳᠤ ᠰᠢᠶᠠᠨ ᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠪᠡ᠃        ᠭᠤᠤ ᠶᠦᠩ ᠪᠢᠨ ᠬᠡᠯᠡᠬᠦ ᠳᠡᠭᠡᠨ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ︽ᠴᠢᠳᠠᠪᠤᠷᠢᠲᠠᠨ ᠤ ᠡᠬᠢ ᠪᠠᠶᠠᠯᠢᠭ ᠤᠨ ᠡᠷᠳᠡᠨᠢ ᠶᠢᠨ ᠬᠥᠮᠥᠷᠭᠡ︾ ᠶᠢᠨ  ᠤᠶᠢᠯᠡᠳᠦᠯ ᠢ  ᠭᠦᠢᠴᠡᠳ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠶᠢᠨ ᠬᠠᠮᠲᠤ ᠰᠠᠶᠢᠨ ᠳᠤᠷ᠎ᠠ ᠶᠢᠨ  ᠦᠢᠯᠡᠴᠢᠯᠡᠭᠡᠨ ᠤ ᠡᠩᠨᠡᠭᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠮᠡᠳᠡᠭᠡ ᠵᠠᠩᠭᠢ ᠴᠢᠮᠡᠭᠡ ᠬᠤᠯᠪᠣᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠠᠶᠤᠯ ᠠᠴᠠ ᠠᠪᠤᠷᠠᠨ ᠲᠤᠰᠠᠯᠠᠬᠤ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠲᠠᠢ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠶᠡᠭᠡ ᠪᠠᠷ ᠨᠥᠭᠡᠴᠡᠯᠡᠬᠦ ᠬᠡᠷᠡᠭᠲᠡᠶ ᠭᠡᠵᠡᠶ᠃ ᠴᠡᠷᠢᠭ ᠠᠩᠬᠢ ᠶᠢᠨ ᠳᠠᠶᠢᠨ ᠳᠤ ᠪᠡᠯᠡᠳᠬᠡᠬᠦ ᠳᠠᠶᠢᠨ ᠪᠠᠶᠢᠯᠳᠤᠭᠠᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠢ᠃ ︽ᠪᠠᠶᠢᠯᠳᠤᠬᠤ ᠶᠢᠨ ᠲᠥᠯᠥᠭᠡ ᠲᠡᠮᠡᠴᠡᠬᠦ︾ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠬᠤᠶᠠᠷ ᠢ ᠬᠦᠷᠢᠶᠡᠯᠡᠬᠦ ᠪᠠᠶᠢᠭᠤᠯᠤᠮᠵᠢ ᠪᠠ ᠬᠤᠶᠠᠷ ᠢ ᠬᠦᠷᠢᠶᠡᠯᠡᠬᠦ ᠡᠩᠨᠡᠭᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠰᠢᠶᠠᠨ ᠤ ᠱᠠᠲᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ  ᠦᠢᠯᠡᠴᠢᠯᠡᠭᠡᠨ‌‍ᠤ ᠲᠥᠪ ᠤᠨ ᠪᠠᠶᠢᠭᠤᠯᠤᠯᠲᠠ ᠵᠡᠷᠭᠡ ᠠᠰᠠᠭᠤᠳᠠᠯ ᠢ ᠲᠦᠷᠭᠡᠬᠡᠨ  ᠰᠢᠢᠳᠪᠦᠷᠢᠯᠡᠵᠦ᠂  ᠦᠢᠯᠡᠴᠢᠯᠡᠭᠡᠨ ᠤ ᠪᠠᠲᠤᠯᠠᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠯᠠᠪᠳᠠᠭᠤᠨ ᠪᠠᠲᠤᠲᠠᠶ ᠪᠠᠷ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠢ ᠳᠤᠷᠠᠰᠬᠠᠬᠤ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠪᠠ ᠵᠠᠰᠠᠵᠤ ᠬᠠᠮᠠᠭᠠᠯᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 ᠵᠢᠯ ᠤᠨ ᠤᠢ ᠶᠢ ᠳᠤᠷᠠᠰᠬᠠᠬᠤ︾ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠨᠡᠶᠢᠲᠡᠯᠢᠭ  ᠵᠢᠱᠢᠶ᠎ᠡ ᠪᠠ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ︽ᠵᠢᠱᠢᠶᠡᠴᠢ ᠴᠡᠷᠢᠭ ᠤᠨ ᠠᠯᠪᠠᠨ ᠠᠴᠠ ᠬᠠᠯᠠᠭᠳᠠᠭᠰᠠᠳ︾᠂ ︽ᠬᠠᠮᠤᠭ ᠤᠨ ᠭᠤᠶᠤ ᠴᠡᠷᠢᠭ ᠤᠨ ᠠᠯᠪᠠᠨ ᠠᠴᠠ ᠬᠠᠯᠠᠭᠳᠠᠭᠰᠠᠳ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠤᠯᠠᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠤᠪᠢᠰᠬᠠᠯ ᠢ ᠤᠯᠠᠮᠵᠢᠯᠠᠬᠤ᠂ ᠤᠶᠤᠨ ᠰᠠᠨᠠᠭᠠᠨ ᠤ ᠰᠤᠳᠠᠰᠤ ᠶᠢ ᠦᠷᠭᠦᠯᠵᠢᠯᠡᠭᠦᠯᠬᠦ᠂ ︽ᠮᠠᠨ ᠤ ᠠᠷᠠᠳ ᠲᠦᠮᠡᠨ ᠢᠶᠠᠨ ᠬᠠᠶᠢᠷᠠᠯᠠᠵᠤ ᠮᠠᠨ ᠤ ᠴᠡᠷᠢᠭ ᠢᠶᠠᠨ ᠬᠠᠶᠢᠷᠠᠯᠠᠬᠤ︾ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠬᠤ ᠶᠢ ᠵᠣᠷᠢᠭᠵᠢᠭᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠡᠯ᠎ᠡ  ᠵᠤᠶᠢᠯ ᠤᠨ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠤᠨ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ  ᠤᠶᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠡᠪᠲᠡᠷᠡᠯᠴᠡᠨ ᠬᠠᠷᠢᠯᠴᠠᠬᠤ᠂ ᠰᠢᠮᠳᠠᠭᠤᠯᠤᠨ ᠪᠠᠶᠢᠴᠠᠭᠠᠵᠤ ᠭᠦᠶ᠋ᠴᠡᠳᠬᠡᠬᠦ ᠶᠢ ᠴᠢᠩᠭᠠᠳᠬᠠᠨ᠂ ᠳᠡᠭᠡᠳᠦ ᠳᠣᠤᠷᠠᠳᠤ ᠱᠠᠲᠤ ᠶᠢ ᠵᠣᠯᠭᠠᠭᠤᠯᠬᠤ᠂ ᠵᠡᠭᠦᠨᠰᠢ ᠪᠠᠷᠠᠭᠤᠨᠰᠢ ᠵᠣᠬᠢᠴᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠯ᠎ᠡ  ᠵᠤᠶᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠬᠦ᠂ ᠬᠦᠴᠦᠲᠡᠶ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠨᠡ ᠨᠢᠭᠡ ᠵᠢᠯ ᠤᠨ ᠡᠭᠦᠷᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠪᠦᠲᠦᠭᠡᠯᠴᠢ ᠴᠢᠨᠠᠷᠲᠠᠶ ᠰᠡᠳᠬᠢᠮᠵᠢ ᠠᠷᠭ᠎ᠠ ᠶᠢ ᠠᠪᠴᠤ᠂ ᠪᠣᠳᠠᠲᠤ ᠠᠵᠢᠯᠯᠠᠭ᠎ᠠ ᠪᠠᠷ ᠢᠶᠠᠨ ᠴᠡᠷᠢᠭ ᠠᠴᠠ ᠬᠠᠯᠠᠭᠳᠠᠭᠰᠠᠳ ᠤᠨ ᠠᠵᠢᠯ ᠢ ᠳᠡᠮᠵᠢᠬᠦ ᠬᠡᠷᠡᠭᠲᠡᠶ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2