ᠶᠠᠩ  ᠸᠧᠨ ᠾᠦᠢ ᠱᠠᠩᠳᠤ ᠰᠢᠶᠠᠨ ᠤ 2023 ᠣᠨ ᠤ 7 ᠳ᠋ᠤᠭᠠᠷ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/27
       7 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ  ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠠᠩ  ᠸᠧᠨ ᠾᠦᠢ ᠱᠠᠩᠳᠤ ᠰᠢᠶᠠᠨ ᠤ 2023 ᠣᠨ ᠤ 7 ᠳ᠋ᠤᠭᠠᠷ ᠤᠳᠠᠭ᠎ᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠶᠠᠳᠤᠭᠠᠷ ᠬᠤᠷᠠᠯ᠂ ᠪᠦᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠪᠣᠯᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠬᠤᠶᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽︿ᠠᠮᠢ ᠠᠬᠤᠶ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠠᠮᠢᠶᠠᠷᠤᠯᠲᠠ ᠶᠢᠨ ᠲᠣᠭᠲᠠᠭᠠᠯ﹀ ᠢ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ︾ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ᠃ ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠦᠨᠡᠨᠬᠦ ᠴᠢᠩᠭᠠᠳᠬᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠪᠦᠬᠦ ᠬᠦᠴᠦᠨ ᠢᠶᠠᠷ ᠳᠡᠭᠡᠭᠰᠢᠯᠡᠭᠦᠯᠵᠦ᠂ ᠬᠤᠵᠢᠷᠯᠢᠬ ᠭᠠᠵᠠᠷ ᠢ ᠶᠡᠷᠦᠩᠬᠡᠶᠢᠯᠡᠨ ᠠᠰᠢᠭᠯᠠᠬᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠣᠷᠣᠨ ᠵᠠᠢ ᠶᠢ ᠲᠣᠭᠲᠠᠭᠤᠨ ᠢᠶᠠᠷ ᠥᠷᠭᠡᠳᠬᠡᠵᠦ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠠᠷᠢᠮᠲᠠᠯᠠᠵᠤ᠂ ᠭᠠᠮᠰᠢᠭ ᠤᠨ ᠭᠡᠮ ᠰᠣᠭᠤᠭ ᠢ ᠲᠣᠭᠤᠷᠢᠨ ᠪᠠᠶᠢᠴᠠᠭᠠᠵᠤ ᠠᠶᠤᠯ ᠢ ᠠᠷᠢᠯᠭᠠᠬᠤ ᠶᠢ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃        ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃        ᠰᠢᠶᠠᠨ ᠤ ᠤᠳᠤᠷᠢᠳᠤᠯᠭ᠎ᠠ ᠰᠢᠶᠦᠩ ᠸᠧᠢ᠂ ᠵᠠᠩ ᠷᠢ ᠭᠤᠤ᠂ ᠵᠠᠩ ᠭᠤᠸᠠᠩ᠂ ᠶᠠᠨ ᠴᠢᠸᠠᠨ ᠯᠢ ᠬᠤᠷᠠᠯ ᠳᠤ ᠣᠷᠣᠯᠴᠠᠵᠤ᠂ ᠵᠤᠤ  ᠭᠦᠸᠧ ᠸᠠᠨ ᠬᠤᠷᠠᠯ ᠳᠤ ᠣᠷᠣᠯᠴᠠᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2