ᠮᠠᠨ ᠤ ᠰᠢᠶᠠᠨ ︽ᠬᠤᠶᠠᠷ ᠬᠥᠨᠳᠡᠯᠡᠨ ᠨᠢᠭᠡ ᠭᠤᠯᠳᠤ︾ ᠳᠤ ᠬᠠᠷᠢᠶᠠᠯᠠᠭᠳᠠᠬᠤ ᠨᠢᠭᠡᠳᠦᠭᠡᠷ ᠳᠤᠮᠳᠠᠳᠤ ᠰᠣᠷᠭᠠᠭᠤᠯᠢ ᠪᠠᠷᠠᠭᠤᠨ ᠡᠭᠦᠳᠡᠨ ᠤ ᠬᠡᠰᠡᠭ ᠲᠤᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢᠨ ᠪᠠᠶᠢᠳᠠᠯ ᠢ ᠪᠠᠶᠢᠴᠠᠭᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/28
      ︽ᠬᠤᠶᠠᠷ ᠬᠥᠨᠳᠡᠯᠡᠨ ᠨᠢᠭᠡ ᠭᠤᠯᠳᠤ︾ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠮᠠᠨ ᠤ ᠰᠢᠶᠠᠨ ︽ᠬᠤᠶᠠᠷ ᠬᠥᠨᠳᠡᠯᠡᠨ ᠨᠢᠭᠡ ᠭᠤᠯᠳᠤ︾ ᠳᠠᠬᠢ ᠨᠢᠭᠡᠳᠦᠭᠡᠷ ᠳᠤᠮᠳᠠᠳᠤ ᠰᠣᠷᠭᠠᠭᠤᠯᠢ ᠶᠢᠨ ᠪᠠᠷᠠᠭᠤᠨ ᠡᠭᠦᠳᠡᠨ ᠤ ᠬᠡᠰᠡᠭ ᠲᠤᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢᠨ ᠪᠠᠶᠢᠳᠠᠯ ᠢ ᠪᠠᠶᠢᠴᠠᠭᠠᠨ ᠪᠠᠶᠢᠷᠢᠯᠠᠭᠤᠯᠬᠤ ᠬᠤᠷᠠᠯ ᠬᠢᠵᠦ᠂ ᠰᠢᠶᠠᠨ ᠤ ᠤᠳᠤᠷᠢᠳᠤᠯᠭ᠎ᠠ ᠸᠠᠩ ᠬᠤᠤ ᠵᠢᠶᠦ᠋ᠨ᠂ ᠯᠢᠦ ᠷᠦᠢ ᠬᠤᠷᠠᠯ ᠳᠤ ᠣᠷᠣᠯᠴᠠᠵᠤ᠂ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃        ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠤᠶᠠᠷ ᠬᠥᠨᠳᠡᠯᠡᠨ ᠨᠢᠭᠡ ᠭᠤᠯᠳᠤ︾ ᠳᠠᠬᠢ ᠨᠢᠭᠡᠳᠦᠭᠡᠷ ᠲᠤᠮᠳᠠᠲᠦ ᠰᠤᠷᠭᠠᠭᠤᠯᠢ ᠪᠠᠷᠠᠭᠤᠨ ᠡᠭᠦᠳᠡᠨ ᠤ ᠬᠡᠰᠡᠭ ᠲᠤᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢᠨ ᠪᠠᠶᠢᠳᠠᠯ ᠢ ᠪᠠᠶᠢᠴᠠᠭᠠᠬᠤ ᠳᠤ ᠭᠤᠣᠯᠳᠠᠯᠭ᠎ᠠ ᠶᠢ ᠳᠤᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠠᠵᠢᠯ ᠢᠶᠠᠨ ᠭᠦᠨᠵᠡᠭᠡᠶ ᠨᠠᠷᠢᠨ ᠨᠢᠮᠪᠠᠶ ᠥᠷᠨᠢᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠨᠢᠭᠲᠠ ᠬᠠᠮᠵᠢᠯᠴᠠᠵᠤ᠂ ᠲᠣᠭᠲᠠᠭᠠᠯ ᠠᠴᠠ ᠵᠦᠷᠢᠴᠡᠭᠰᠡᠨ ᠪᠠᠷᠢᠯᠭ᠎ᠠ ᠶᠢ ᠵᠠᠰᠠᠬᠤ ᠶᠡᠭᠡ ᠨᠡᠶᠢᠯᠡᠮᠡᠯ ᠬᠦᠴᠦᠨ ᠢ ᠪᠦᠷᠢᠯᠳᠦᠵᠦ᠂ ᠬᠤᠯᠪᠣᠭᠳᠠᠯ ᠪᠦᠬᠦᠢ ᠵᠠᠷᠯᠠᠯ ᠢ ᠴᠠᠭ ᠲᠤᠬᠠᠢ ᠳᠤᠨᠢ ᠨᠡᠶᠢᠲᠡᠯᠡᠵᠦ᠂ ᠬᠠᠤᠯᠢ ᠴᠠᠭᠠᠵᠠ ᠶᠢᠨ ᠤᠬᠠᠭᠤᠯᠭ᠎ᠠ ᠪᠠᠷ ᠵᠢᠯᠣᠭᠤᠳᠬᠤ ᠶᠢ ᠴᠢᠩᠭᠠᠳᠬᠠᠵᠤ᠂ ᠥᠷᠭᠡᠨ ᠤᠯᠠᠨ ᠬᠤᠳᠠ ᠶᠢᠨ ᠠᠷᠠᠳ ᠲᠦᠮᠡᠨ ᠤ ᠬᠠᠥᠯᠢ ᠴᠠᠭᠠᠵᠠ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2