ᠰᠢᠶᠠᠨ ᠤ ᠤᠳᠤᠷᠢᠳᠤᠯᠭ᠎ᠠ 《 ᠳᠣᠯᠣᠭᠠᠨ ᠰᠠᠷ᠎ᠠ  ᠶᠢᠨ ᠨᠢᠭᠡᠨ ᠤ ᠨᠠᠮ ᠪᠠᠶᠢᠭᠤᠯᠤᠭᠳᠠᠭᠰᠠᠨ ᠪᠠᠶᠠᠷ 》  ᠤᠨ ᠨᠠᠮ ᠤᠨ ᠬᠡᠰᠢᠭᠦᠳ ᠢ ᠲᠣᠭᠣᠷᠢᠨ ᠦᠵᠡᠵᠦ ᠲᠣᠬᠣᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/7/3
      ᠨᠠᠮ ᠪᠠᠶᠢᠭᠤᠯᠤᠭᠳᠠᠭᠰᠠᠨ 102 ᠵᠢᠯ ᠤᠨ ᠤᠢ ᠶᠢᠨ ᠲᠠᠰᠢᠷᠠᠮ ᠢᠶᠠᠷ᠂ ᠰᠢᠶᠠᠨ ᠤ ᠤᠳᠤᠷᠢᠳᠤᠯᠭ᠎ᠠ ᠡᠯ᠎ᠡ ᠭᠠᠵᠠᠷ ᠲᠤ ᠬᠦᠷᠴᠦ ᠤᠯᠤᠰ ᠪᠠᠶᠢᠭᠤᠯᠤᠭᠳᠠᠬᠤ ᠠᠴᠠ ᠡᠮᠦᠨᠡᠬᠢ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠺᠠᠳ᠋ᠷ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷᠴᠤᠳ ᠤᠨ ᠭᠡᠷ ᠪᠦᠯᠢ ᠵᠡᠷᠭᠡ ᠬᠥᠮᠦᠰ ᠢ ᠲᠣᠬᠤᠨᠢᠭᠤᠯᠵᠤ᠂ ᠳᠡᠳᠡᠨ ᠳᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃       7 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ ᠤᠷᠢᠳ ᠬᠤᠵᠢᠳ ᠴᠢ ᠲᠠᠢ ᠪᠠᠯᠭᠠᠰᠤᠨ ᠳᠤ ᠬᠦᠷᠴᠦ ᠶᠤᠸᠠᠨ ᠱᠢ ᠲᠠᠩ ᠨᠥᠬᠦᠷ᠂ ᠭᠤᠤ ᠶᠦᠩ ᠨᠥᠬᠦᠷ ᠵᠡᠷᠭᠡ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠤᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ᠲᠡᠳᠡᠨ ᠤ ᠡᠷᠡᠭᠦᠯ ᠮᠡᠨᠳᠦ ᠶᠢᠨ ᠪᠠᠶᠢᠳᠠᠯ᠂ ᠬᠡᠷ ᠪᠦᠯᠢ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠨᠠᠮ᠂ ᠤᠯᠤᠰ᠂ ᠠᠷᠠᠳ ᠲᠦᠮᠡᠨ ᠤ ᠲᠥᠯᠥᠭᠡ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃        ᠶᠠᠩ ᠸᠧᠨ ᠾᠦᠢ ᠬᠡᠯᠡᠭᠰᠡᠨ ᠨᠢ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠣᠯ ᠨᠠᠮ ᠤᠨ ᠢᠷᠠᠭᠤ ᠠᠯᠳᠠᠷᠲᠤ ᠲᠡᠦᠬᠡ ᠶᠢᠨ ᠭᠡᠷᠡᠴᠢᠯᠡᠭᠴᠢ᠂ ᠣᠷᠣᠯᠴᠠᠭᠴᠢ ᠪᠠ ᠠᠬᠢᠭᠤᠯᠤᠭᠴᠢ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠲᠡᠳᠡᠨ ᠤ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠲᠡᠳᠡᠨ ᠤ ᠡᠳᠦᠷ ᠲᠤᠳᠤᠮ ᠤᠨ ᠠᠮᠢᠳᠤᠷᠠᠯ ᠢ ᠢᠯᠡᠭᠦᠬᠡᠨ ᠰᠤᠷᠪᠤᠯᠵᠢᠯᠠᠵᠤ᠂ ᠢᠯᠡᠭᠦᠬᠡᠨ ᠣᠶᠢᠯᠠᠭᠠᠵᠤ᠂ ᠢᠯᠡᠭᠦᠬᠡᠨ ᠬᠠᠯᠠᠮᠵᠢᠯᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠤᠨ ᠬᠠᠯᠠᠮᠵᠢᠯᠠᠯ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠳᠤ ᠵᠣᠯ ᠵᠢᠷᠭᠠᠯ ᠲᠠᠢ ᠥᠲᠡᠯᠦᠭᠡ ᠨᠠᠰᠤ ᠶᠢ ᠨᠢ ᠡᠳ᠋ᠯᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ ᠭᠡᠵᠦ ᠴᠢᠬᠤᠯᠴᠢᠯᠠᠪᠠ᠃       6 ᠰᠠᠷ᠎ᠠ ᠶᠢᠨ 30 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠭᠦᠸᠧ ᠱᠸᠤ ᠢᠦᠶ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ ᠤ ᠬᠡᠷ ᠲᠤ ᠬᠦᠷᠴᠦ ᠲᠡᠳᠡᠨ ᠲᠠᠢ ᠵᠣᠭᠤᠭ ᠳᠡᠯᠭᠡᠵᠦ᠂ ᠲᠡᠳᠡᠨ ᠤ ᠬᠠᠯᠠᠭᠤᠨ ᠳᠤᠯᠠᠭᠠᠨ ᠢ ᠠᠰᠠᠭᠤᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠡᠶ᠃  ᠭᠦᠸᠧ ᠱᠸᠤ ᠢᠦᠢ ᠨᠥᠬᠦᠷ ᠠᠬᠠᠮᠠᠳ ᠨᠠᠮ ᠤᠨ ᠭᠡᠰᠢᠭᠦᠨ ᠤ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠰᠡᠳᠬᠢᠯ ᠤᠨ ᠦᠭᠡ ᠶᠢ ᠬᠦᠯᠢᠴᠡᠩᠭᠦᠢ ᠪᠠᠷ ᠰᠣᠨᠣᠰᠴᠤ᠂ ᠲᠡᠳᠡᠨ ᠤ ᠨᠠᠮ ᠤᠨ ᠦᠢᠯᠡᠰ ᠪᠠ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃  ᠭᠦᠸᠧ ᠱᠸᠤ ᠢᠦᠢ ᠬᠡᠯᠡᠭᠰᠡᠨ ᠨᠢ᠂ ᠥᠷᠭᠡᠨ ᠤᠯᠠᠨ ᠠᠬᠠᠮᠠᠳ ᠨᠠᠮ ᠤᠨ ᠭᠡᠰᠢᠭᠦᠨ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠤᠯᠠᠨ ᠬᠤᠪᠢ ᠨᠡᠮᠡᠷᠢ ᠦᠵᠡᠭᠦᠯᠦᠭᠰᠡᠨ᠂ ᠪᠢᠳᠡ ᠡᠷᠬᠡᠪᠰᠢ ᠲᠡᠳᠡᠨ ᠤ ᠵᠢᠳᠬᠦᠯ ᠴᠢᠷᠮᠠᠶᠢᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠬᠠᠮᠠᠳ ᠨᠢᠭᠡ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠰᠢᠯᠢᠳᠡᠭ ᠤᠯᠠᠮᠵᠢᠯᠠᠯ ᠢ ᠰᠠᠶᠢᠲᠤᠷ ᠪᠠᠳᠠᠷᠠᠭᠤᠯᠵᠤ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠠᠬᠠᠮᠠᠳ ᠨᠠᠮ ᠤᠨ ᠭᠡᠰᠢᠭᠦᠳ ᠤᠨ ᠮᠠᠨ ᠤ ᠰᠢᠶᠠᠨ ᠤ ᠡᠯ᠎ᠡ ᠵᠦᠢᠯ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠬᠦᠰᠡᠵᠦ ᠪᠠᠶᠢᠨ᠎ᠠ᠃      6 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠣᠣ ᠬᠠᠢ  ᠹᠠᠨᠭ᠌ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠢᠩ ᠵᠠᠨ ᠮᠢᠩ ᠪᠣᠯᠤᠨ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠯᠦ ᡁᠢ ᠶᠦᠩ ᠢ ᠲᠣᠬᠤᠨᠢᠭᠤᠯᠤᠭᠰᠠᠨ ᠪᠥᠭᠡᠳ ᠲᠣᠬᠤᠨᠢᠭᠤᠯᠬᠤ ᠮᠥᠩᠭᠦ ᠪᠣᠯᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃ ᠶᠣᠣ ᠬᠠᠶ ᠹᠠᠨᠭ᠌ ᠬᠡᠯᠡᠬᠦ ᠳᠡᠭᠡᠨ ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠣᠶᠤᠨ ᠰᠠᠨᠠᠭᠠᠨ ᠤ ᠥᠪ ᠬᠥᠷᠥᠩᠭᠡ ᠮᠥᠨ᠂ ᠣᠯᠠᠨ ᠵᠢᠯ ᠤᠨ ᠲᠤᠷᠰᠢ ᠨᠠᠮ ᠤᠨ ᠦᠶ᠋ᠯᠡᠰ ᠲᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠶᠤᠮ᠃ ᠠᠬᠠᠮᠠᠳ ᠺᠠᠳ᠋ᠷ ᠪᠡᠶ᠎ᠡ ᠪᠠᠨ ᠭᠠᠮᠨᠠᠬᠤ ᠶᠢᠨ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠰᠢᠶᠠᠨ ᠤ ᠡᠯ᠎ᠡ ᠵᠦᠢᠯ ᠤᠨ ᠠᠵᠢᠯ ᠢ ᠬᠠᠯᠠᠮᠵᠢᠯᠠᠨ ᠳᠡᠮᠵᠢᠵᠦ᠂ ᠱᠠᠩᠳᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠦᠯᠡᠳᠡᠪᠦᠷᠢ ᠢᠯᠴᠢ ᠪᠠᠨ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠠᠰᠤᠩᠭᠤᠢ ᠠᠮᠢᠳᠤᠷᠠᠬᠤ ᠶᠢ ᠬᠦᠰᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶᠢᠭᠡᠮ ᠲᠣᠭᠤᠷᠢᠭ ᠲᠤ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠤ ᠠᠮᠢᠳᠤᠷᠠᠯ ᠢ ᠢᠯᠡᠭᠦᠬᠡᠨ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠤᠨ ᠭᠡᠰᠢᠭᠦᠨ ᠤᠯᠠᠨ ᠲᠦᠮᠡᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠶᠢ ᠬᠦᠰᠡᠵᠦ ᠪᠠᠶᠢᠨ᠎ᠠ ᠭᠡᠪᠡ᠃       6 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠤ ᠨᠠᠶᠢᠳᠠᠯᠭ᠎ᠠ ᠪᠠᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠷᠢ ᠭᠤᠤ᠂ ᠰᠢᠶᠤᠤ ᠬᠠᠶ ᠽᠢ ᠪᠠᠯᠭᠠᠰᠤᠨ ᠳᠤ ᠬᠦᠷᠴᠦ ᠠᠬᠠᠮᠠᠳ ᠨᠠᠮ ᠤᠨ ᠭᠡᠰᠢᠭᠦᠨ ᠸᠠᠩ ᠢᠦᠶ ᠵᠧᠨ᠂ ᠹᠠᠩ ᠶᠢᠨ ᠬᠤᠠ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃ ᠵᠠᠩ ᠷᠢ ᠭᠤᠤ ᠬᠡᠯᠡᠬᠦ ᠳᠡᠭᠡᠨ᠂ ᠠᠬᠠᠮᠠᠳ ᠨᠠᠮ ᠤᠨ ᠭᠡᠰᠢᠭᠦᠳ ᠠᠷᠠᠳ ᠲᠦᠮᠡᠨ ᠤ ᠦᠢᠯᠡᠰ ᠲᠤ ᠬᠤᠪᠢ ᠨᠡᠮᠡᠷᠢ ᠦᠵᠡᠭᠦᠯᠵᠡᠢ᠂ ᠲᠡᠳᠡᠨ ᠤ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠨᠠᠮ ᠪᠣᠯᠤᠨ ᠠᠷᠠᠳ ᠤᠯᠠᠨ ᠤ ︽ᠰᠡᠳᠬᠢᠯ ᠢᠶᠠᠨ ᠬᠤᠯᠪᠣᠬᠤ ᠬᠥᠭᠦᠷᠭᠡ︾ ᠪᠣᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃      ᠱᠢ ᠼᠦᠢ ᠴᠢᠨ᠂ ᠮᠧᠩ ᠶᠦᠩ ᠴᠢᠩ᠂ ᠬᠠᠨ ᠳ᠋ᠠ ᠸᠧᠢ ᠵᠡᠷᠭᠡ ᠰᠢᠶᠠᠨ ᠤ ᠤᠳᠤᠷᠢᠳᠤᠯᠭ᠎ᠠ ᠪᠠᠰᠠ ᠰᠤᠷᠪᠤᠯᠵᠢᠯᠠᠨ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠡᠢ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2