ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ | ᠨᠢᠭᠡᠴᠡ ᠳᠤ᠄ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ | ᠵᠢᠯ ᠮᠥᠨ᠂ ᠪᠠᠰᠠ ᠴᠤ ︽ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ︾ ᠶᠢ | ᠭᠦᠨᠵᠡᠭᠡᠶ ᠳᠥᠯᠭᠢᠨ ᠠᠬᠢᠭᠤᠯᠬᠤ ᠲᠤᠰᠬᠠᠶ ᠠᠵᠢᠯᠯᠠᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠃ ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ 2023 ᠣᠨ ᠤ ᠠᠵᠢᠯ ᠤᠨ ᠶᠡᠷᠦᠩᠬᠡᠶ | ᠬᠠᠷᠠᠯᠲᠠ ᠡᠭᠦᠷᠭᠡ ᠳᠤ ᠨᠠᠩ ᠰᠠᠶᠢᠲᠤᠷ ᠦᠶ᠋ᠯᠡᠴᠢᠯᠡᠬᠦ ᠶᠢᠨ ᠲᠥᠯᠥᠭᠡ᠂ ᠡᠳᠦᠭᠡ ᠳᠣᠤᠷ᠎ᠠ ᠬᠠᠭᠠᠰ ᠵᠢᠯ ᠤᠨ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ | ︵ᠨᠢᠭᠡ︶ ᠭᠤᠤᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠴᠢᠨᠠᠷ ᠰᠠᠶᠢᠲᠠᠶ | ᠬᠥᠭᠵᠢᠯᠲᠡ ᠪᠠᠷ ᠭᠤᠤᠯ ᠰᠡᠳᠦᠪ ᠪᠣᠯᠭᠠᠵᠤ᠂ ᠭᠤᠤᠯᠳᠠᠭᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ | ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠬᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ ᠤᠯᠬᠤ ᠵᠡᠷᠭᠡ ᠲᠠᠯ᠎ᠠ ᠪᠠᠷ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠨ᠎ᠠ᠃ | ︵ᠬᠤᠶᠠᠷ︶ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠢᠯᠡ ᠪᠣᠯᠭᠠᠨ᠎ᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ | ᠲᠣᠭᠤᠷᠢᠨ ᠳᠤ᠂ ︽ᠳᠤᠲᠠᠭᠤ ᠳᠣᠷᠭᠤᠨ︾ ᠢᠨᠵᠧᠨᠧᠷᠢᠩ ᠢ ᠲᠦᠢᠯᠪᠤᠷᠢᠲᠠᠢ ᠪᠠᠶᠢᠴᠠᠭᠠᠬᠤ ᠠᠵᠢᠯᠯᠠᠭ᠎ᠠ ᠶᠢᠨ | ᠲᠣᠭᠤᠷᠢᠨ ᠳᠤ᠂ ᠪᠡᠯᠡ ᠮᠥᠩᠭᠦ ᠶᠢ ᠲᠦᠢᠯᠪᠤᠷᠢᠲᠠᠢ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠵᠦ᠂ | ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠤᠨ ᠬᠦᠴᠦᠨ ᠵᠦᠢᠯ ᠢ ᠲᠦᠢᠯᠪᠤᠷᠢᠲᠠᠢ | ᠪᠠᠶᠢᠴᠠᠭᠠᠬᠤ ᠠᠵᠢᠯᠯᠠᠭ᠎ᠠ᠂ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠰᠤᠯᠠ ᠪᠠᠶᠢᠬᠤ ᠭᠠᠵᠠᠷ ᠰᠢᠷᠣᠢ ᠶᠢ | ᠲᠦᠢᠯᠪᠤᠷᠢᠲᠠᠢ ᠰᠢᠢᠳᠪᠦᠷᠢᠯᠡᠬᠦ ᠠᠵᠢᠯ ᠢ ᠵᠥᠪᠰᠢᠶᠡᠷᠡᠭᠰᠡᠨ ᠪᠣᠯᠪᠠᠴᠤ ᠳᠦᠷᠢᠮ ᠤᠨ ᠪᠠᠶᠢᠭᠤᠯᠤᠯᠲᠠ᠂ ᠠᠵᠢᠯ ᠢ | ᠠᠬᠢᠭᠤᠯᠬᠤ ᠵᠡᠷᠭᠡ ᠲᠠᠯ᠎ᠠ ᠪᠠᠷ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠪᠡ᠃ | ᠬᠤᠶᠠᠷ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠪᠢᠴᠢᠭ ᠮᠠᠲ᠋ᠧᠷᠢᠶᠠᠯ ᠢ ᠢᠯᠡ ᠪᠣᠯᠭᠠᠬᠤ | ᠠᠵᠢᠯ ᠢ ᠰᠠᠶᠢᠲᠤᠷ ᠬᠢᠬᠦ ᠬᠡᠷᠡᠭᠲᠡᠶ | ︵ᠨᠢᠭᠡ︶ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠤᠷᠢᠳᠴᠢᠯᠠᠨ ᠢᠯᠡ ᠪᠣᠯᠭᠠᠬᠤ ᠶᠢ ᠰᠠᠶᠢᠲᠤᠷ ᠬᠢᠨ᠎ᠡ᠃ | ᠲᠦᠷᠦ ᠶᠢᠨ ᠪᠤᠳᠤᠯᠭ᠎ᠠ ᠲᠤᠨᠨᠳᠠᠭᠠᠬᠤ ᠲᠤᠨᠨᠳᠠᠴᠠ ᠶᠢ ᠰᠢᠯᠢᠳᠡᠭᠵᠢᠬᠦᠯᠵᠦ᠂ ᠲᠦᠷᠦ ᠶᠢᠨ ᠪᠤᠳᠤᠯᠭ᠎ᠠ | ᠲᠤᠨᠨᠳᠠᠭᠠᠬᠤ ᠠᠴᠠ ᠡᠮᠤᠨ᠎ᠠ᠂ ᠲᠦᠷᠦ ᠶᠢᠨ ᠪᠤᠳᠤᠯᠭ᠎ᠠ ᠶᠢᠨ ᠰᠠᠨᠠᠯ ᠬᠤᠷᠢᠶᠠᠬᠤ ᠨᠤᠤᠷᠠᠭ ᠢ ᠴᠠᠭ ᠲᠤᠬᠠᠢ ᠳᠤᠨᠢ | ᠢᠯᠡ ᠪᠤᠯᠭᠠᠵᠦ᠂ ᠲᠦᠷᠦ ᠶᠢᠨ ᠪᠤᠳᠤᠯᠭ᠎ᠠ ᠶᠢᠨ ᠲᠦᠰᠦᠯ ᠢ ᠤᠩᠰᠢᠨ ᠲᠠᠶᠢᠯᠪᠤᠷᠢᠯᠠᠬᠤ ᠠᠵᠢᠯ ᠢ ᠰᠠᠶᠢᠳᠤᠷ ᠬᠢᠨ᠎ᠠ᠃ | ᠰᠠᠨᠠᠯ ᠬᠤᠷᠢᠶᠠᠬᠤ᠂ ᠪᠠᠶᠢᠴᠠᠭᠠᠨ ᠰᠤᠳᠤᠯᠵᠤ ᠶᠠᠷᠢᠯᠴᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠬᠤ | ᠠᠵᠢᠯ ᠢ ᠥᠷᠨᠢᠭᠦᠯᠵᠦ᠂ ᠣᠯᠠᠨ ᠨᠡᠶᠢᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠰᠠᠨᠠᠯ ᠰᠠᠨᠠᠭᠤᠯᠭ᠎ᠠ ᠶᠢ ᠡᠮᠬᠢᠳᠬᠡᠪᠡ᠃ | ᠰᠠᠨᠠᠯ ᠬᠤᠷᠢᠶᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠣᠯᠠᠨ ᠨᠡᠶᠢᠲᠡ ᠶᠢᠨ ᠬᠠᠷᠢᠭᠤ | ᠲᠤᠰᠬᠠᠭᠰᠠᠨ ᠪᠠᠶᠢᠳᠠᠯ ᠢ ᠲᠥᠷᠥ ᠶᠢᠨ ᠪᠣᠳᠣᠯᠭ᠎ᠠ ᠲᠣᠭᠲᠠᠭᠠᠬᠤ ᠶᠠᠪᠤᠴᠠ ᠳᠤ ᠪᠦᠲᠦᠮᠵᠢᠲᠡᠶ ᠢᠯᠡᠷᠡᠭᠦᠯᠬᠦ ᠬᠡᠷᠡᠭᠲᠡᠶ᠃ | | ︵ᠬᠤᠶᠠᠷ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠥᠷᠥᠯ ᠬᠤᠪᠢᠶᠠᠬᠤ᠂ ᠲᠥᠪᠯᠡᠷᠡᠭᠦᠯᠦᠨ | ᠢᠯᠡ ᠪᠣᠯᠭᠠᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶᠡᠨ ᠤ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ︾ ᠲᠤᠰᠬᠠᠶ ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ | ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠠ ᠭᠠᠷᠴᠠᠭ ᠢ ᠲᠥᠪᠯᠡᠷᠡᠭᠦᠯᠦᠨ ᠢᠯᠡ | ᠪᠣᠯᠭᠠᠵᠤ᠂ ︽ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ︾ ᠱᠠᠭᠠᠷᠳᠠᠯᠭ᠎ᠠ ᠶᠣᠰᠣᠭᠠᠷ | ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠢᠯᠭᠠᠷᠠᠭᠤᠯᠤᠨ ᠰᠢᠨᠡᠳᠬᠡᠨ᠎ᠡ᠃ ᠪᠢᠴᠢᠭ ᠮᠠᠲ᠋ᠧᠷᠢᠶᠠᠯ ᠤᠨ ᠰᠢᠨᠵᠢ ᠴᠢᠨᠠᠷ | ︵ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠶᠣᠰᠣᠭᠠᠷ ᠢᠯᠡ ᠪᠣᠯᠭᠠᠬᠤ᠂ ᠢᠯᠡ ᠪᠣᠯᠭᠠᠬᠤ ᠦᠭᠡᠢ | ︶ ᠢ ᠴᠢᠩᠭᠠᠳᠬᠠᠬᠤ ᠬᠡᠷᠡᠭᠲᠡᠶ᠃︶ ᠡᠬᠢ ᠡᠭᠦᠰᠦᠯ ᠠᠴᠠ ᠨᠢ ᠦᠨᠡᠮᠰᠢᠬᠦ ᠠᠵᠢᠯ ᠤᠨ ᠭᠤᠤᠯ ᠰᠡᠳᠦᠪ ᠤᠨ ᠲᠥᠷᠥᠯ | ᠬᠤᠪᠢᠶᠠᠬᠤ ᠶᠢ ᠰᠢᠯᠢᠳᠡᠭᠵᠢᠭᠦᠯᠵᠦ᠂ ᠪᠦᠲᠦᠮᠵᠢᠲᠦ ᠴᠢᠨᠠᠷ ᠪᠤᠶᠤ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠬᠤ | ᠬᠡᠷᠡᠭᠲᠡᠶ᠃ | ︵ᠭᠤᠷᠪᠠ︶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠨ᠎ᠠ᠃ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ | ᠲᠥᠷᠥ ᠶᠢᠨ ᠪᠣᠳᠣᠯᠭ᠎ᠠ ᠶᠢ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠬᠢᠭᠡᠳ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠵᠡᠷᠭᠡᠪᠡᠷ ᠲᠤᠭᠤᠷᠪᠢᠬᠤ᠂ ᠵᠡᠷᠭᠡᠪᠡᠷ ᠬᠢᠨᠠᠨ ᠭᠠᠷ ᠤᠨ ᠦᠰᠦᠭ ᠵᠢᠷᠤᠬᠤ᠂ ︽ᠭᠤᠷᠪᠠ ᠶᠢ ᠵᠡᠷᠭᠡ ᠳᠤᠨᠢ | ᠶᠠᠪᠤᠭᠳᠠᠭᠤᠯᠬᠤ︾ ᠶᠢ ᠪᠠᠷᠢᠮᠲᠠᠯᠠᠨ᠂ ︽ᠤᠩᠰᠢᠨ ᠲᠠᠶᠢᠯᠪᠤᠷᠢᠯᠠᠬᠤ᠂ ᠪᠦᠬᠦᠨ ᠢ ᠲᠠᠶᠢᠯᠪᠤᠷᠢᠯᠠᠬᠤ︾ ᠶᠢ | ᠪᠡᠶᠡᠯᠡᠭᠦᠯᠦᠨ᠎ᠡ᠃ ᠲᠠᠶᠢᠯᠤᠮᠵᠢ ᠶᠢᠨ ᠮᠠᠲ᠋ᠧᠷᠢᠶᠠᠯ ᠨᠢ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠ ᠡᠭᠦᠷᠭᠡ᠂ | ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ᠂ ᠠᠷᠠᠳ ᠲᠤ ᠠᠰᠢᠭ ᠬᠦᠷᠲᠡᠭᠡᠬᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ | ᠵᠡᠷᠭᠡ ᠮᠥᠨ ᠴᠢᠨᠠᠷ ᠤᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠪᠠᠷ ᠣᠶᠢᠯᠠᠭᠠᠮᠵᠢᠲᠠᠶ ᠦᠭᠡ | ᠬᠡᠯᠡ ᠶᠢ ᠬᠡᠷᠡᠭᠯᠡᠨ᠂ ᠵᠢᠷᠤᠭᠲᠤ ᠲᠠᠶᠢᠯᠤᠮᠵᠢ᠂ ᠺᠠᠷᠲ᠋ᠣᠨ ᠵᠢᠷᠤᠭ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ | ᠳᠤᠷᠠᠲᠠᠶ ᠠᠷᠭ᠎ᠠ ᠮᠠᠶ᠋ᠢᠭ ᠢᠶᠠᠷ ᠲᠠᠶᠢᠯᠤᠮᠵᠢ ᠬᠢᠬᠦ ᠶᠢᠨ ᠬᠠᠮᠲᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠲᠥᠷᠥ ᠶᠢᠨ ᠪᠣᠳᠣᠯᠭ᠎ᠠ ᠶᠢᠨ ᠰᠠᠨᠠᠭ᠎ᠠ ᠵᠣᠷᠢᠯᠲᠠ ᠶᠢ ᠪᠥᠬᠦ | ᠲᠠᠯ᠎ᠠ ᠪᠠᠷ ᠣᠨᠣᠪᠴᠢᠲᠠᠶ ᠳᠠᠮᠵᠢᠭᠤᠯᠤᠨ᠎ᠠ᠃ ᠴᠢᠬᠤᠯᠠ ᠲᠥᠷᠥ ᠶᠢᠨ ᠪᠣᠳᠣᠯᠭ᠎ᠠ ᠨᠡᠶᠢᠲᠡᠯᠡᠬᠦ᠂ ᠭᠤᠤᠯᠳᠠᠯᠭ᠎ᠠ ᠲᠠᠢ | ᠠᠵᠢᠯ ᠢ ᠠᠬᠢᠭᠤᠯᠬᠤ᠂ ᠬᠦᠨᠳᠦ ᠶᠡᠭᠡ ᠬᠡᠷᠡᠭ ᠭᠠᠷᠤᠭᠰᠠᠨ ᠦᠶ᠎ᠡ ᠳᠤ᠂ ᠡᠯ᠎ᠡ ᠨᠢᠭᠡᠴᠡ ᠶᠢᠨ ᠭᠤᠤᠯ | ᠬᠠᠷᠢᠭᠤᠴᠠᠯᠭᠠᠲᠠᠨ ᠨᠥᠬᠦᠳ ᠮᠡᠳᠡᠭᠡ ᠵᠠᠩᠭᠢ ᠨᠡᠶᠢᠲᠡᠯᠡᠬᠦ᠂ ᠡᠷᠬᠡ ᠰᠦᠷᠲᠦ ᠲᠣᠬᠢᠷᠠᠭᠤᠯᠤᠯᠲᠠ ᠬᠢᠬᠦ᠂ | ᠤᠬᠠᠮᠰᠠᠷ ᠠᠴᠠ ᠪᠠᠨ ᠬᠠᠷᠢᠭᠤᠴᠠᠬᠤ ᠵᠡᠷᠭᠡ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠰᠣᠨᠢᠨ | ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠵᠡᠷᠭᠡ ᠬᠡᠯᠪᠡᠷᠢ ᠪᠠᠷ ᠲᠥᠷᠥ ᠶᠢᠨ | ᠪᠣᠳᠣᠯᠭ᠎ᠠ ᠶᠢ ᠲᠦᠷᠦᠭᠦᠯᠡᠨ ᠲᠠᠶᠢᠯᠪᠤᠷᠢᠯᠠᠵᠤ᠂ ᠵᠢᠱᠢᠯᠲᠡ ᠶᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠬᠤ | ᠬᠡᠷᠡᠭᠲᠡᠶ᠃ | ᠭᠤᠷᠪᠠ᠂ ᠭᠤᠤᠯᠳᠠᠯᠭ᠎ᠠ ᠲᠠᠢ ᠬᠦᠷᠢᠶᠡᠨ ᠤ ᠠᠵᠢᠯ ᠤᠨ ᠲᠣᠭᠤᠷᠢᠨ ᠳᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠰᠠᠶᠢᠲᠤᠷ ᠬᠢᠨ᠎ᠡ | ︵ᠨᠢᠭᠡ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠮᠡᠳᠡᠭᠡ ᠵᠠᠩᠭᠢ ᠶᠢ ᠢᠯᠡ | ᠪᠣᠯᠭᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠬᠥᠮᠦᠰ ᠲᠤ ᠴᠢᠭᠯᠡᠭᠦᠯᠦᠨ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ᠂ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠲᠥᠷᠥ ᠶᠢᠨ | ᠪᠣᠳᠣᠯᠭ᠎ᠠ ᠵᠢᠴᠢ ᠦᠢᠯᠡᠴᠢᠯᠡᠭᠡᠨ ᠤ ᠮᠡᠳᠡᠭᠡ ᠵᠠᠩᠭᠢ ᠨᠡᠶᠢᠲᠡᠯᠡᠬᠦ ᠠᠵᠢᠯ ᠢ ᠦᠨᠡᠨ ᠬᠦ ᠰᠠᠶᠢᠲᠤᠷ ᠬᠢᠵᠦ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠪᠠ ᠬᠦᠷᠭᠡᠬᠦ ᠶᠠᠰᠤ ᠴᠢᠨᠠᠷ ᠪᠠ ᠡᠷᠴᠢᠮ ᠢ ᠴᠢᠩᠭᠠᠷᠠᠭᠤᠯᠤᠨ᠎ᠠ᠃ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠰᠠᠭ ᠤᠨ | ᠣᠷᠳᠣᠨ ᠤ ᠫᠤᠷᠲ᠋ᠧᠯ ᠰᠦᠯᠵᠢᠶᠡᠨ ᠤ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ︾ | ᠪᠤᠯᠤᠩ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠠᠵᠢᠯ ᠣᠯᠭᠤᠬᠤ | ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ᠬᠥᠮᠦᠨ ᠳᠤ | ᠬᠠᠮᠢᠶ᠎ᠠ ᠪᠥᠬᠦᠶ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠵᠡᠷᠭᠡ ᠮᠡᠳᠡᠭᠡ ᠵᠠᠩᠭᠢ ᠶᠢ ᠣᠶᠢᠯᠠᠭᠠᠭᠤᠯᠬᠤ ᠶᠢᠨ ᠬᠠᠮᠲᠤ | ᠣᠯᠭᠤᠬᠤ ᠬᠡᠷᠡᠭᠲᠡᠶ᠃ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ | ᠦᠨᠳᠦᠰᠦᠯᠡᠯ᠂ ᠮᠡᠳᠡᠭᠦᠯᠦᠨ ᠬᠦᠷᠭᠡᠬᠦ ᠮᠠᠲ᠋ᠧᠷᠢᠶᠠᠯ᠂ ᠠᠵᠢᠯ ᠤᠨ ᠴᠤᠪᠤᠷᠠᠯ᠂ ᠴᠠᠭ ᠤᠨ ᠠᠬᠢᠴᠠ ᠵᠢᠴᠢ ᠦᠨᠡᠯᠡᠨ | ᠲᠣᠭᠲᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠨᠡᠶᠢᠲᠡᠯᠡᠨ᠎ᠡ᠃ | ︵ᠬᠤᠶᠠᠷ︶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠨᠡᠶᠢᠬᠡᠮ ᠤᠨ ᠠᠪᠤᠷᠠᠨ ᠲᠤᠰᠠᠯᠠᠯᠳᠠ ᠶᠢᠨ ᠮᠡᠳᠡᠭᠡ | ᠵᠠᠩᠬᠢ ᠶᠢ ᠢᠯᠡ ᠪᠤᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ᠂ | ᠬᠠᠶ᠋ᠢᠭ ᠪᠠ ᠠᠰᠠᠭᠤᠨ ᠯᠠᠪᠯᠠᠬᠤ ᠤᠲᠠᠰᠤ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠣᠨᠣᠪᠴᠢᠲᠠᠶ | ᠨᠡᠶᠢᠲᠡᠯᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠲᠠᠯᠪᠢᠵᠤ | ᠪᠠᠶᠢᠴᠠᠭᠠᠭᠰᠠᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ᠂ ᠵᠡᠮᠳᠡᠭᠴᠦᠳ ᠤᠨ ᠨᠥᠬᠦᠪᠥᠷᠢ᠂ ᠥᠨᠳᠥᠷ ᠨᠠᠰᠤᠨ ᠤ ᠨᠡᠮᠡᠭᠦᠷᠢ ᠮᠥᠩᠭᠦ ᠵᠡᠷᠭᠡ ᠪᠡᠯᠡ ᠮᠥᠩᠭᠦ ᠶᠢᠨ | ᠣᠯᠭᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ | ᠵᠠᠩᠭᠢ ᠶᠢ ᠢᠯᠡ ᠪᠣᠯᠭᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠲᠥᠷᠥ ᠶᠢᠨ | ᠪᠣᠳᠣᠯᠭ᠎ᠠ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠬᠡᠰᠡᠭ ᠬᠤᠪᠢᠶᠠᠬᠤ ᠬᠦᠷᠢᠶ᠎ᠡ ᠬᠡᠪᠴᠢᠶ᠎ᠡ᠂ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠥᠯᠥᠪᠯᠡᠭᠡ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠶᠢ | ᠦᠷᠭᠦᠯᠵᠢᠯᠡᠨ ᠰᠠᠶᠢᠲᠤᠷ ᠬᠢᠨ᠎ᠡ᠃ ᠡᠷᠬᠡ ᠲᠡᠭᠰᠢ ᠲᠥᠪ ᠭᠤᠣᠯᠴᠢ ᠰᠤᠷᠭᠠᠭᠤᠯᠢ ᠳᠤ ᠣᠷᠣᠬᠤ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠣᠮᠧᠷ ᠡᠷᠭᠢᠭᠦᠯᠬᠦ ᠲᠥᠷᠥ ᠶᠢᠨ ᠪᠣᠳᠣᠯᠭ᠎ᠠ᠂ ᠬᠡᠷᠡᠭᠰᠡᠬᠦ ᠮᠠᠲ᠋ᠧᠷᠢᠶᠠᠯ | ᠵᠢᠴᠢ ᠨᠣᠮᠧᠷ ᠡᠷᠭᠢᠭᠦᠯᠬᠦ ᠦᠷ᠎ᠡ ᠳ᠋ᠦᠩ ᠤᠨ ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠬᠦ ᠬᠡᠷᠡᠭᠲᠡᠢ᠃ ᠡᠯ᠎ᠡ | ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠮᠡᠳᠡᠭᠡ | ᠵᠠᠩᠭᠢ ᠶᠢ ᠣᠨᠣᠪᠴᠢᠲᠠᠶ ᠨᠡᠶᠢᠲᠡᠯᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠶ ᠬᠢᠨᠠᠯᠲᠠ ᠪᠠᠶᠢᠴᠠᠭᠠᠯᠲᠠ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠨ᠎ᠠ᠃ | ︵ᠲᠦᠷᠪᠡ︶ ᠣᠯᠠᠨ ᠨᠡᠶᠢᠲᠡ ᠶᠢᠨ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠮᠡᠳᠡᠭᠡ ᠵᠠᠩᠭᠢ ᠶᠢ ᠢᠯᠡ | ᠪᠣᠯᠭᠠᠬᠤ ᠬᠡᠷᠡᠭᠲᠡᠢ᠃ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠶᠢᠭᠤᠯᠤᠮᠵᠢ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠡᠷᠡᠶᠢᠳᠦᠯ᠂ ᠬᠠᠶ᠋ᠢᠭ᠂ ᠨᠡᠭᠡᠭᠡᠬᠦ ᠦᠶ᠎ᠡ ᠶᠢᠨ | ᠠᠰᠠᠭᠤᠯᠲᠠ᠂ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠣᠨᠣᠪᠴᠢᠲᠠᠶ ᠨᠡᠶᠢᠲᠡᠯᠡᠨ᠎ᠡ᠃ ᠡᠯ᠎ᠡ ᠲᠥᠷᠥᠯ ᠤᠨ | ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠵᠦᠢᠯᠡᠰ᠂ ᠦᠵᠡᠭᠦᠯᠦᠯᠭᠡ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠪᠣᠯᠭᠠᠬᠤ ᠶᠢᠨ ᠬᠠᠮᠲᠤ᠂ ᠡᠯ᠎ᠡ ᠬᠦᠷᠢᠶᠡᠨ ᠤ ᠬᠢᠨᠠᠯᠲᠠ | ᠪᠠᠶᠢᠴᠠᠭᠠᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠬᠤ ᠬᠡᠷᠡᠭᠲᠡᠶ᠃ | ︵ᠲᠠᠪᠤ︶ ᠠᠮᠢ ᠠᠬᠤᠢ ᠣᠷᠴᠢᠨ ᠲᠣᠭᠤᠷᠢᠨ ᠤ ᠰᠤᠷᠠᠭ ᠵᠠᠩᠭᠢ ᠶᠢ ᠢᠯᠡ ᠪᠣᠯᠭᠠᠬᠤ᠃ ᠵᠠᠰᠠᠭ ᠤᠨ | ᠣᠷᠳᠣᠨ ᠤ ᠰᠦᠯᠵᠢᠶᠡᠨ ᠤ ︽ᠠᠮᠢ ᠠᠬᠤᠶ ᠣᠷᠴᠢᠨ ᠲᠣᠭᠤᠷᠢᠨ︾ ᠤ ᠪᠤᠯᠤᠩ ᠪᠣᠯᠤᠨ ᠵᠠᠰᠠᠭ ᠤᠨ ᠶᠠᠪᠤᠳᠠᠯ ᠤᠨ | ᠰᠢᠨ᠎ᠡ ᠵᠠᠭᠤᠴᠢᠯᠠᠭᠤᠷ ᠲᠤ ᠬᠤᠲᠠ ᠶᠢᠨ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ᠂ ᠭᠠᠵᠠᠷ ᠳᠡᠭᠡᠷᠡᠬᠢ ᠤᠰᠤᠨ ᠤ | ᠶᠠᠰᠤ ᠴᠢᠨᠠᠷ ᠢ ᠬᠢᠨᠠᠨ ᠬᠡᠮᠵᠢᠬᠦ᠂ ᠬᠤᠲᠠ ᠶᠢᠨ ᠤᠤᠭᠤᠬᠤ ᠤᠰᠤᠨ ᠤ ᠣᠷᠴᠢᠨ ᠲᠣᠭᠤᠷᠢᠨ ᠢ ᠬᠢᠨᠠᠨ ᠬᠡᠮᠵᠢᠬᠦ ᠵᠡᠷᠭᠡ | ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠮᠡᠳᠡᠭᠦᠯᠦᠯᠲᠡ ᠶᠢᠨ ᠴᠣᠬᠤᠯᠠᠪᠤᠷᠢ ᠶᠢ ᠢᠯᠡ ᠪᠣᠯᠭᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠵᠢᠴᠢ ᠠᠰᠠᠭᠤᠨ ᠯᠠᠪᠯᠠᠬᠤ ᠠᠵᠢᠯ ᠢ ᠴᠢᠩᠭᠠᠳᠬᠠᠨ᠎ᠠ᠃ | ︵ᠵᠢᠷᠭᠤᠭ᠎ᠠ︶ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢ ᠢᠯᠡ ᠪᠣᠯᠭᠠᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠡᠮᠵᠡᠭ ᠪᠤᠰᠤ ᠠᠳᠡᠯ ᠤᠨ ᠭᠠᠮᠰᠢᠭ ᠤᠨ | ᠲᠥᠷᠥᠯ ᠤᠨ ᠰᠡᠷᠡᠮᠵᠢᠯᠡᠭᠦᠯᠬᠦ ᠮᠡᠳᠡᠭᠡ ᠵᠠᠩᠭᠢ᠂ ᠠᠳᠡᠯ ᠤᠨ ᠮᠡᠳᠡᠭᠡ ᠵᠠᠩᠭᠢ᠂ ᠠᠳᠡᠯ ᠤᠨ ᠳᠠᠷᠠᠭᠠᠬᠢ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭᠠᠴᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ | ᠢᠯᠡ ᠪᠣᠯᠭᠠᠬᠤ ᠶᠢ ᠰᠠᠶᠢᠲᠤᠷ ᠬᠢᠵᠦ᠂ ᠴᠠᠭ ᠠᠭᠤᠷ ᠵᠢᠴᠢ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤᠨᠢ ᠢᠯᠡ ᠪᠣᠯᠭᠠᠬᠤ ᠬᠡᠷᠡᠭᠲᠡᠶ᠃ ᠢᠳᠡᠭᠡᠨ᠂ ᠡᠮ ᠤᠨ ᠵᠦᠢᠯ᠂ ᠵᠠᠰᠠᠯ ᠴᠢᠮᠡᠭ ᠤᠨ ᠡᠳ᠋ ᠵᠢᠴᠢ | ᠡᠮᠴᠢᠯᠡᠭᠡᠨ ᠤ ᠮᠠᠰᠢᠨ ᠪᠠᠭᠠᠵᠢ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢ | ᠢᠯᠡ ᠪᠣᠯᠭᠠᠬᠤ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠥᠷᠥᠯ ᠤᠨ ᠵᠠᠭᠠᠯᠳᠤᠯᠭ᠎ᠠ ᠬᠢᠵᠦ ᠢᠯᠡᠴᠢᠯᠡᠨ ᠮᠡᠳᠡᠭᠦᠯᠬᠦ | ᠲᠥᠷᠥ ᠶᠢᠨ ᠪᠣᠳᠣᠯᠭ᠎ᠠ᠂ ᠠᠷᠭ᠎ᠠ ᠵᠠᠮ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠢᠯᠡ | ᠪᠣᠯᠭᠠᠬᠤ ᠪᠠᠷ ᠵᠢᠷᠤᠮᠵᠢᠯ ᠢ ᠠᠬᠢᠭᠤᠯᠤᠨ᠂ ᠦᠢᠯᠡᠴᠢᠯᠡᠭᠡ ᠶᠢ ᠳᠡᠭᠡᠭᠰᠢᠯᠡᠭᠦᠯᠬᠦ ᠬᠡᠷᠡᠭᠲᠡᠶ᠃ | ︵ᠳᠤᠯᠤᠭ᠎ᠠ︶ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠡᠯᠡ ᠮᠥᠩᠭᠦ ᠶᠢᠨ ᠮᠡᠳᠡᠭᠡ ᠵᠠᠩᠭᠢ ᠶᠢ ᠢᠯᠡ | ᠪᠣᠯᠭᠠᠵᠤ᠃ ᠵᠠᠰᠠᠭ ᠤᠨ ᠣᠷᠳᠣᠨ ᠤ ᠰᠦᠯᠵᠢᠶᠡᠨ ᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ︾᠂ ︽ᠲᠠᠷᠢᠶᠠᠯᠠᠩ ᠳᠤ ᠬᠤᠯᠪᠣᠭᠳᠠᠬᠤ ᠨᠥᠬᠦᠪᠥᠷᠢ︾ ᠪᠤᠯᠤᠩ ᠳᠤ ᠲᠠᠷᠢᠶᠠᠴᠢᠳ ᠲᠤ ᠠᠰᠢᠭ ᠬᠦᠷᠲᠡᠭᠡᠬᠦ ᠪᠠᠯᠠ | ᠮᠥᠩᠭᠦ ᠶᠢ ᠢᠯᠡ ᠪᠣᠯᠭᠠᠬᠤ᠂ ᠬᠠᠮᠢᠶ᠎ᠠ ᠪᠥᠬᠦᠶ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠰᠢᠶᠠᠩ ᠤᠨ | ᠱᠠᠲᠤᠨ ᠳᠤ ᠬᠦᠷᠲᠡᠯ᠎ᠡ ᠤᠷᠲᠤᠳᠬᠠᠬᠤ ᠶᠢᠨ ᠬᠠᠮᠲᠤ ᠲᠣᠰᠬᠤᠨ ᠤ ᠱᠠᠲᠤᠨ ᠤ ᠪᠠᠯᠠ ᠮᠥᠩᠭᠦ ᠶᠢ ᠬᠤᠷᠢᠶᠠᠩᠭᠤᠶᠢᠯᠠᠨ | ᠢᠯᠡ ᠨᠡᠶᠢᠲᠡᠯᠡᠬᠦ᠂ ᠳᠠᠩᠰᠠᠯᠠᠬᠤ ᠠᠵᠢᠯ ᠢ ᠴᠢᠩᠭᠠᠳᠬᠠᠨ᠎ᠠ᠃ | ᠳᠥᠷᠪᠡ᠂ ᠪᠠᠷᠢᠮᠵᠢᠶᠠᠵᠢᠭᠤᠯᠬᠤ ᠶᠢ ᠵᠢᠷᠤᠮᠵᠢᠭᠤᠯᠬᠤ ᠶᠢᠨ ᠲᠣᠭᠤᠷᠢᠨ ᠳᠤ ᠠᠵᠢᠯ ᠢ ᠢᠯᠡ ᠪᠣᠯᠭᠠᠬᠤ ᠠᠵᠢᠯ ᠢ | ᠰᠠᠶᠢᠲᠤᠷ ᠬᠢᠬᠦ ᠬᠡᠷᠡᠭᠲᠡᠶ | ︵ᠨᠢᠭᠡ︶ ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠎ᠠ᠃ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠵᠤ ᠬᠢᠨᠠᠨ ᠪᠠᠶᠢᠴᠠᠭᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠨᠠᠢᠮᠠᠨ ᠵᠦᠢᠯ ᠤᠨ ᠣᠷᠣᠨ ᠨᠤᠲᠤᠭ ᠤᠨ | ᠪᠠᠷᠢᠮᠵᠢᠶ᠎ᠠ ᠪᠠᠷ ᠰᠠᠭᠤᠷᠢ ᠪᠣᠯᠭᠠᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠪᠦᠬᠦ ᠰᠢᠶᠠᠨ ᠤ ᠡᠯ᠎ᠡ ᠨᠢᠭᠡᠴᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠮᠵᠢᠯᠲᠠ ᠲᠠᠢ ᠲᠤᠷᠰᠢᠯᠭ᠎ᠠ ᠶᠢ | ᠳ᠋ᠦᠩᠨᠡᠨ ᠳᠡᠯᠭᠡᠷᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠬᠠᠤᠯᠢ ᠶᠣᠰᠣᠭᠠᠷ ᠭᠦᠢᠴᠡᠳᠬᠡᠬᠦ ᠴᠢᠳᠠᠪᠤᠷᠢ ᠪᠠ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠭᠤᠶᠤᠴᠢᠯᠠᠯ ᠶᠣᠰᠣᠭᠠᠷ ᠢᠯᠡ ᠪᠣᠯᠭᠠᠬᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠤᠬᠠᠶ ᠭᠤᠶᠤᠴᠢᠯᠠᠭᠴᠢ ᠶᠢᠨ ᠵᠦᠢ ᠵᠣᠬᠢᠰᠲᠠᠶ | ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠶ᠃ ᠭᠤᠶᠤᠴᠢᠯᠠᠭᠴᠢ ᠯᠤᠭ᠎ᠠ ᠨᠡᠪᠲᠡᠷᠡᠯᠴᠡᠬᠦ | ᠡᠷᠴᠢᠮ ᠢᠶᠠᠨ ᠴᠢᠩᠭᠠᠷᠠᠭᠤᠯᠵᠤ᠂ ᠭᠤᠶᠤᠴᠢᠯᠠᠭᠴᠢ ᠶᠢᠨ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠶ | ᠣᠶᠢᠯᠠᠭᠠᠵᠤ᠂ ᠭᠦᠢᠴᠡᠳᠬᠡᠬᠦ ᠪᠠ ᠬᠠᠷᠢᠭᠤᠯᠲᠠ ᠥᠭᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠯ᠎ᠡ ᠰᠢᠶᠠᠩ | ᠪᠠᠯᠭᠠᠰᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠪᠣᠳᠠᠲᠤ ᠴᠣᠭᠴᠠ ᠶᠢᠨ ︽ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠣᠭᠤᠷᠢᠭ︾ ᠢ | ᠪᠦᠲᠦᠮᠵᠢᠲᠡᠶ ᠠᠰᠢᠭᠯᠠᠵᠤ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ | ᠶᠣᠰᠣᠭᠠᠷ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ | ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠶᠢ ᠣᠯᠠᠨ ᠲᠦᠮᠡᠨ ᠪᠠ ᠵᠠᠰᠠᠭ ᠤᠨ ᠣᠷᠳᠣᠨ ᠤ ᠨᠡᠪᠲᠡᠷᠡᠯᠴᠡᠭᠡ ᠶᠢᠨ | ︽ᠰᠡᠳᠬᠢᠯ ᠤᠨ ᠬᠥᠭᠦᠷᠭᠡ︾ ︽ᠰᠢᠭᠤᠳ ᠨᠡᠪᠲᠡᠷᠡᠬᠦ ᠬᠥᠭᠦᠷᠭᠡ︾ ᠪᠣᠯᠭᠠᠵᠤ᠂ ᠬᠠᠤᠯᠢ ᠲᠣᠭᠲᠠᠭᠠᠯ ᠶᠣᠰᠣᠭᠠᠷ᠂ | ᠢᠯᠡ ᠪᠣᠯᠭᠠᠬᠤ ᠪᠠ ᠵᠣᠬᠢᠴᠠᠭᠤᠯᠬᠤ ᠶᠢ ᠤᠶᠠᠯᠳᠤᠭᠤᠯᠤᠨ᠂ ᠣᠯᠠᠨ ᠲᠦᠮᠡᠨ ᠳᠤ ᠥᠨᠳᠥᠷ ᠪᠦᠲᠦᠮᠵᠢᠲᠡᠶ ᠳᠥᠭᠦᠮ | ᠳᠥᠲᠡ ᠦᠢᠯᠡᠴᠢᠯᠡᠭᠡ ᠬᠠᠩᠭᠠᠵᠤ᠂ ᠵᠠᠰᠠᠭ ᠤᠨ ᠣᠷᠳᠣᠨ ᠬᠢᠭᠡᠳ ᠣᠯᠠᠨ ᠲᠦᠮᠡᠨ ᠤ ᠬᠤᠭᠤᠷᠣᠨᠳᠣᠬᠢ ᠵᠠᠶ ᠶᠢ | ᠣᠶᠢᠷᠠᠲᠤᠭᠤᠯᠵᠤ᠂ ᠦᠨᠳᠦᠰᠦᠨ ᠱᠠᠲᠤᠨ ᠤ ᠵᠥᠷᠢᠴᠡᠯ ᠢ ᠠᠷᠢᠯᠭᠠᠨ᠂ ᠵᠠᠷᠭᠤ ᠳᠤ ᠬᠤᠯᠪᠣᠭᠳᠠᠭᠰᠠᠨ ᠶᠠᠪᠤᠳᠠᠯ ᠳᠤ | ᠬᠤᠯᠪᠣᠭᠳᠠᠬᠤ ᠠᠴᠠ ᠴᠢᠬᠤᠯᠠ ᠪᠤᠰᠤ ᠪᠠᠶᠢᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠠᠵᠢᠯ ᠤᠨ | ᠣᠨᠣᠯᠵᠢᠬᠤᠨ ᠢ ᠭᠦᠢᠴᠡᠳ ᠢᠯᠡᠷᠡᠭᠦᠯᠬᠦ ᠬᠡᠷᠡᠭᠲᠡᠶ᠃ | ᠲᠠᠪᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ | ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ᠃ | ᠣᠨ ᠤ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢᠨ ᠪᠦᠷᠢᠳᠬᠡᠬᠦ ᠴᠠᠭ ᠨᠢ ᠳᠡᠭᠡᠷ᠎ᠡ ᠵᠢᠯ ᠤᠨ 1 ᠰᠠᠷ᠎ᠠ ᠶᠢᠨ 1 ᠤ | ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠃ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ | ᠡᠯ᠎ᠡ ᠨᠢᠭᠡᠴᠡ ᠨᠦᠭᠦᠳ ᠵᠢᠯ ᠪᠦᠷᠢ ᠶᠢᠨ 1 ᠰᠠᠷ᠎ᠠ ᠶᠢᠨ 31 ᠤ ᠡᠳᠦᠷ ᠠᠴᠠ ᠡᠮᠦᠨ᠎ᠡ ᠲᠤᠰ ᠱᠠᠲᠤᠨ ᠤ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ | ᠨᠢᠭᠡᠴᠡ ᠶᠢᠨ ᠢᠶᠠᠨ ᠳᠡᠭᠡᠷ᠎ᠡ ᠨᠢᠭᠡ ᠵᠢᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠣᠨ ᠤ ᠮᠡᠳᠡᠭᠦᠯᠦᠯᠲᠡ ᠪᠠᠨ ᠲᠤᠰᠢᠶᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠡᠭᠦᠨ ᠤ ᠬᠠᠮᠲᠤ᠂ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠷᠢᠭᠤᠴᠠᠵᠤ ᠪᠠᠶᠢᠭ᠎ᠠ ᠠᠵᠢᠯ ᠤᠨ ᠡᠭᠦᠷᠭᠡ ᠵᠢᠴᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ | ᠣᠨ ᠤ ᠮᠡᠳᠡᠭᠦᠯᠦᠯᠲᠡ ᠳᠤ ᠣᠷᠣᠭᠤᠯᠤᠨ ᠢᠯᠡ ᠪᠣᠯᠭᠠᠬᠤ ᠬᠡᠷᠡᠭᠲᠡᠶ᠃ | ︵ᠬᠤᠶᠠᠷ︶ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠪᠣᠯᠣᠩ᠃ ᠰᠠᠯᠠᠭ᠎ᠠ ᠮᠥᠴᠢᠷ ᠤᠨ | ᠬᠥᠳᠡᠯᠦᠯ ᠪᠠᠶᠢᠳᠠᠯ᠂ ᠰᠢᠶᠠᠩ ᠪᠠᠯᠭᠠᠰᠤᠨ ᠤ ᠬᠥᠳᠡᠯᠦᠯ ᠪᠠᠶᠢᠳᠠᠯ ᠵᠡᠷᠭᠡ ᠲᠦᠷᠦᠭᠦᠦ ᠨᠢᠭᠤᠷ ᠤᠨ ᠪᠤᠯᠤᠩ ᠢ | ᠬᠡᠷᠡᠭᠴᠡᠭᠡ ᠪᠠᠷ ᠨᠢ ᠴᠠᠭ ᠲᠤᠬᠠᠶ ᠳᠤᠨᠢ ᠰᠢᠨᠡᠳᠬᠡᠵᠦ᠂ ᠬᠠᠮᠤᠭ ᠤᠨ ᠤᠷᠲᠤ ᠬᠤᠭᠤᠴᠠᠭᠠᠨ ᠤ ᠵᠠᠶ ᠶᠢ 2 | ᠭᠠᠷᠠᠭ ᠠᠴᠠ ᠬᠡᠲᠦᠷᠡᠭᠦᠯᠵᠦ ᠪᠣᠯᠬᠤ ᠦᠭᠡᠶ᠃ ᠡᠯ᠎ᠡ ᠪᠠᠶᠢᠭᠤᠯᠭ᠎ᠠ ᠨᠢᠭᠡᠴᠡ ᠶᠢᠨ ᠲᠣᠪᠴᠢ ᠲᠠᠨᠢᠯᠴᠠᠭᠤᠯᠭ᠎ᠠ᠂ | ᠤᠳᠤᠷᠢᠳᠬᠤ ᠪᠦᠷᠢᠯᠳᠦᠬᠦᠨ ᠨᠠᠷ ᠬᠡᠷᠡᠭᠴᠡᠭᠡ ᠶᠣᠰᠣᠭᠠᠷ ᠴᠠᠭ ᠲᠤᠬᠠᠶ ᠳᠤᠨᠢ ᠰᠢᠨᠡᠳᠬᠡᠵᠦ᠂ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠡᠯ᠎ᠡ ᠨᠢᠭᠡᠴᠡ ᠥᠪᠡᠰᠦᠪᠡᠨ ᠬᠠᠷᠢᠭᠤᠴᠠᠬᠤ ᠪᠤᠯᠤᠩ ᠢ | ᠪᠠᠶᠢᠩᠭᠤᠵᠢᠭᠤᠯᠤᠨ ᠰᠢᠨᠡᠳᠬᠡᠵᠦ᠂ ᠬᠠᠮᠤᠭ ᠤᠨ ᠣᠷᠳᠣ ᠬᠤᠭᠤᠴᠠᠭᠠᠨ ᠳᠤ ᠬᠠᠭᠠᠰ ᠵᠢᠯ ᠠᠴᠠ ᠬᠡᠲᠦᠷᠡᠭᠦᠯᠵᠦ | ᠪᠣᠯᠬᠤ ᠥᠬᠡᠶ᠃ | ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠃ ᠪᠠᠶᠢᠩᠭᠤᠵᠢᠭᠤᠯᠤᠨ ᠰᠢᠨᠡᠳᠬᠡᠵᠦ᠂ | ᠬᠠᠮᠤᠭ ᠤᠨ ᠣᠷᠳᠣ ᠬᠤᠭᠤᠴᠠᠭᠠᠨ ᠤ ᠬᠤᠭᠤᠷᠣᠨᠳᠣᠬᠢ ᠵᠠᠢ ᠶᠢ 2 ᠭᠠᠷᠠᠭ ᠠᠴᠠ ᠬᠡᠲᠦᠷᠡᠭᠦᠯᠵᠦ ᠪᠣᠯᠬᠤ ᠦᠭᠡᠢ᠃ | ᠵᠢᠷᠭᠤᠭ᠎ᠠ᠂ ᠪᠤᠰᠤᠳ ᠱᠠᠭᠠᠷᠳᠠᠯᠭ᠎ᠠ | ︵ᠨᠢᠭᠡ︶ ᠬᠢᠨᠠᠨ ᠬᠠᠷᠭᠤᠭᠤᠯᠬᠤ ᠪᠣᠭᠤᠮᠲᠠ ᠶᠢ ᠴᠢᠩᠭᠠᠳᠬᠠᠵᠤ᠃ ᠡᠯ᠎ᠡ ᠨᠢᠭᠡᠴᠡ ᠨᠦᠭᠦᠳ ᠵᠠᠰᠠᠭ ᠤᠨ | ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠳᠤ ︽ | ᠭᠤᠷᠪᠠ ᠶᠢ ᠬᠢᠨᠠᠵᠤ ᠭᠤᠷᠪᠠᠨ ᠰᠤᠷᠭᠠᠭᠤᠯᠢ︾ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠮᠡᠳᠡᠭᠡ ᠵᠠᠩᠭᠢ ᠶᠢᠨ | ᠡᠬᠡ ᠪᠢᠴᠢᠭ ᠢ ᠦᠭᠡ ᠥᠭᠦᠯᠡᠪᠦᠷᠢ ᠶᠢ ᠨᠢᠭᠡᠳ ᠨᠢᠭᠡ ᠪᠠᠷ ᠬᠢᠨᠠᠨ ᠤᠩᠰᠢᠵᠤ᠂ ᠦᠰᠦᠭ᠂ ᠦᠭᠡ᠂ ᠥᠭᠦᠯᠡᠪᠦᠷᠢ ᠶᠢ | ᠨᠠᠷᠢᠨ ᠬᠢᠨᠠᠮᠠᠭᠠᠢ ᠠᠳᠬᠤᠵᠤ᠂ ᠪᠤᠷᠤᠭᠤ ᠦᠰᠦᠭ᠂ ᠣᠷᠬᠢᠭᠳᠠᠭᠤᠯᠬᠤ᠂ ᠵᠢᠷᠤᠮᠵᠢᠯ ᠦᠭᠡᠢ ᠦᠭᠡ ᠬᠡᠯᠡᠨ ᠤ | ᠢᠯᠡᠳᠭᠡᠯ ᠤᠨ ᠠᠰᠠᠭᠤᠳᠠᠯ ᠭᠠᠷᠬᠤ ᠶᠢ ᠰᠡᠷᠭᠡᠶᠢᠯᠡᠵᠦ᠂ ᠮᠡᠳᠡᠭᠡ ᠵᠠᠩᠭᠢ ᠶᠢᠨ ᠡᠬᠡ ᠪᠢᠴᠢᠭ ᠤᠨ ᠦᠰᠦᠭ | ᠪᠢᠴᠢᠭ ᠤᠨ ᠵᠢᠷᠤᠮᠵᠢᠯ᠂ ᠲᠦᠷᠦ ᠶᠢᠨ ᠪᠤᠳᠤᠯᠭ᠎ᠠ ᠶᠢᠨ ᠦᠨᠳᠦᠰᠦᠯᠡᠯ᠂ ᠨᠡᠶᠢᠲᠡᠯᠡᠬᠦ ᠦᠷᠳᠡᠭ ᠵᠢᠴᠢ ᠮᠡᠳᠡᠭᠡ | ᠵᠠᠩᠭᠢ ᠶᠢᠨ ᠠᠮᠤᠷ ᠲᠦᠪᠰᠢᠨ ᠤ ᠴᠢᠨᠠᠷ ᠢ ᠬᠢᠨᠠᠨ ᠬᠠᠷᠭᠤᠭᠤᠯᠵᠤ᠂ ᠡᠬᠡ ᠪᠢᠴᠢᠭ ᠢ ᠬᠢᠨᠠᠨ ᠬᠠᠷᠭᠤᠭᠤᠯᠬᠤ | ᠪᠣᠭᠤᠮᠲᠠ ᠪᠣᠯᠤᠨ ᠤᠯᠤᠰ ᠲᠦᠷᠦ ᠶᠢᠨ ᠤᠳᠤᠷᠢᠳᠤᠮᠵᠢ ᠶᠢᠨ ᠪᠣᠭᠤᠮᠲᠠ ᠶᠢ ᠰᠠᠶᠢᠲᠤᠷ ᠡᠵᠡᠮᠳᠡᠬᠦ ᠬᠡᠷᠡᠭᠲᠡᠢ᠃ | ᠡᠭᠦᠨ ᠤ ᠬᠠᠮᠲᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ ᠲᠠᠩᠰᠠ ᠡᠪᠬᠡᠮᠡᠯ ᠤᠨ ᠬᠠᠶᠢᠷᠴᠠᠭ ᠢ | ᠪᠠᠶᠢᠭᠤᠯᠵᠤ ᠲᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠬᠤ ᠠᠵᠢᠯ ᠢ ᠰᠠᠶᠢᠲᠤᠷ ᠬᠢᠨ᠎ᠠ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠰᠢᠶᠠᠩ ᠪᠠᠯᠭᠠᠰᠤ᠂ ᠡᠯ᠎ᠡ | ᠰᠠᠯᠠᠭ᠎ᠠ ᠮᠥᠴᠢᠷ ᠤᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠰᠢᠶᠠᠩ ᠪᠠᠯᠭᠠᠰᠤ᠂ ᠲᠣᠰ | ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ | ᠠᠵᠢᠯ ᠤᠨ ᠲᠦᠷᠢᠮ ᠢ ᠪᠦᠷᠢᠨᠰᠢᠬᠦᠯᠦᠨ᠂ ᠠᠵᠢᠯ ᠤᠨ ᠵᠢᠷᠤᠮᠵᠢᠯ ᠢ ᠲᠡᠭᠦᠯᠳᠡᠷᠵᠢᠭᠦᠯᠵᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ | ᠱᠠᠲᠤᠨ ᠤ ᠡᠯ᠎ᠡ ᠲᠥᠷᠥᠯ ᠤᠨ ᠮᠡᠳᠡᠭᠡᠯᠡᠯ ᠳᠤᠮᠳᠠ ᠢᠯᠡᠷᠡᠭᠰᠡᠨ ᠠᠰᠠᠭᠤᠳᠠᠯ ᠢ ᠲᠦᠷᠭᠡᠨ ᠴᠡᠭᠴᠡᠯᠡᠨ | ᠰᠠᠶᠢᠵᠢᠷᠠᠭᠤᠯᠵᠤ᠂ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃ | | | ᠣᠷᠴᠢᠭᠤᠯᠤᠭᠴᠢ᠄ ᠬᠠᠨᠠᠭᠠᠷ | |