ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/7/31
    7 ᠰᠠᠷ᠎ᠠ ᠶᠢᠨ 28 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠬᠤᠷᠠᠯᠳᠤᠪᠠ᠃      ᠡᠨᠡ ᠤᠳᠠᠭᠠᠨ ᠤ ᠪᠥᠬᠦᠳᠡ ᠬᠤᠷᠠᠯ ᠤᠨ ᠭᠤᠣᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠰᠢᠶᠠᠨ ᠢᠶᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠵᠢᠭᠠᠭᠰᠠᠨ ᠴᠢᠭᠯᠡᠯ ᠢ ᠭᠤᠶᠢᠪᠢᠰᠢ ᠥᠬᠡᠶ ᠪᠠᠷᠢᠮᠲᠠᠯᠠᠨ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠡᠳᠴᠦ ᠪᠠᠶᠢᠭᠠᠳ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠱᠠᠩᠳᠤ ᠰᠢᠶᠠᠨ ᠤ ᠰᠢᠯᠭᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠳᠠᠶᠢᠴᠢᠯᠠᠬᠤ ᠬᠡᠷᠡᠭᠲᠡᠢ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠤ ᠶᠦᠩ ᠪᠢᠨ ᠰᠢᠶᠠᠨ ᠤ ᠨᠠᠮ ᠤᠨ ᠶᠢᠨ ᠪᠠᠶᠢᠩᠭᠤ ᠶᠢᠨ  ᠬᠤᠷᠢᠶ᠎ᠠ ᠶᠢ ᠲᠥᠯᠥᠭᠡᠯᠡᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠬᠢᠬᠦ ᠶᠢᠨ ᠬᠠᠮᠲᠤ ᠶᠠᠷᠢᠶ᠎ᠠ ᠲᠠᠯᠪᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠱᠠᠩᠳᠦ ᠰᠢᠶᠠᠨ ᠤ ᠨᠠᠮ ᠤᠨ  ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠲᠣᠭᠲᠠᠭᠠᠯ︾ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2