ᠭᠤᠣ ᠶᠦᠩ ᠪᠢᠨ ︽ᠨᠠᠢᠮᠠᠨ ᠰᠠᠷ᠎ᠠ ᠶᠢᠨ ᠨᠢᠭᠡᠨ︾ ᠠᠴᠠ ᠡᠮᠦᠨ᠎ᠡ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠵᠠᠶ
ᠨᠡᠶᠢᠲᠡᠯᠡᠭᠰᠡᠨ ᠴᠠᠭ᠄
2023/7/31
     7 ᠰᠠᠷ᠎ᠠ ᠶᠢᠨ 28 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠭᠤᠣ ᠶᠦᠩ ᠪᠢᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠᠶᠢᠯᠳᠤᠭᠴᠢᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠲᠣᠬᠤᠨᠢᠭᠤᠯᠵᠤ᠂ ᠣᠯᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ ᠰᠢᠶᠠᠨ ᠤ ᠤᠳᠤᠷᠢᠳᠤᠯᠭ᠎ᠠ ᠴᠧᠨ ᠶᠠ ᠮᠢᠩ᠂ ᠵᠤᠤ  ᠭᠦᠸᠧ ᠸᠡᠨ ᠲᠣᠬᠤᠨᠢᠭᠤᠯᠬᠤ ᠳᠤ ᠣᠷᠣᠯᠴᠠᠪᠠ᠃      ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠭᠤᠤ ᠶᠦᠩ ᠪᠢᠨ ᠲᠤᠬᠠᠢ ᠶᠢᠨ ᠲᠠᠯᠠᠪᠠᠢ ᠳᠤ ᠪᠠᠶᠢᠭᠰᠠᠨ ᠳᠠᠷᠤᠭ᠎ᠠ ᠪᠠᠶᠢᠯᠳᠤᠭᠴᠢᠳ ᠲᠠᠢ ᠴᠡᠷᠢᠭ ᠠᠩᠬᠢ ᠪᠠ ᠣᠷᠣᠨ ᠨᠤᠲᠤᠭ ᠤᠨ ᠨᠠᠶᠢᠷ ᠰᠡᠳᠬᠢᠯᠭᠡ ᠶᠢ ᠠᠭᠤᠵᠢᠷᠠᠲᠠᠯ᠎ᠠ ᠶᠠᠷᠢᠯᠴᠠᠵᠤ᠂ ᠵᠢᠭᠠᠰᠤ ᠤᠰᠤᠨ ᠤ ᠮᠡᠲᠦ ᠭᠦᠨ ᠵᠤᠵᠠᠭᠠᠨ ᠬᠠᠯᠠᠮᠵᠢ ᠰᠡᠳᠬᠢᠯᠭᠡ ᠶᠢ ᠬᠠᠮᠲᠤ ᠪᠠᠷ ᠳᠤᠷᠠᠰᠪᠠ᠃ ᠭᠤᠣ ᠶᠦᠩ ᠪᠢᠨ ᠬᠡᠯᠡᠬᠦ ᠳᠡᠭᠡᠨ᠂ ᠣᠯᠠᠨ ᠵᠢᠯ ᠤᠨ ᠲᠤᠷᠰᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠭᠤᠣᠯ ᠠᠵᠢᠯ ᠤᠨ ᠲᠣᠭᠤᠷᠢᠨ ᠳᠤ᠂ ᠰᠢᠶᠠᠨ ᠤ ᠪᠦᠬᠦ ᠲᠠᠯ᠎ᠠ ᠳᠤ ᠦᠢᠯᠡᠴᠢᠯᠡᠵᠦ᠂ ᠰᠢᠮᠳᠠᠨ ᠰᠤᠷᠤᠯᠴᠠᠵᠤ ᠬᠠᠲᠠᠭᠤᠵᠢᠯᠲᠠᠶ ᠪᠤᠯᠪᠠᠰᠣᠷᠠᠵᠣ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠠᠶᠢᠨ ᠳᠤ ᠪᠡᠯᠡᠳᠬᠡᠬᠦ ᠪᠠ ᠳᠠᠶᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠬᠠᠷᠢᠭᠤᠴᠠᠯᠭ᠎ᠠ ᠭᠤᠣᠯ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠳᠤ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠠᠢ᠃  ᠭᠤᠤ ᠶᠦᠩ ᠪᠢᠨ ᠴᠢᠬᠤᠯᠠᠴᠢᠯᠠᠭᠰᠠᠨ ᠨᠢ᠂ ᠪᠦᠬᠦ ᠳᠠᠷᠤᠭ᠎ᠠ ᠪᠠᠶᠢᠯᠳᠤᠭᠴᠢᠳ ᠵᠠᠪᠡᠯ ᠶᠡᠷᠦᠩᠬᠡᠢ ᠱᠦᠵᠢ ᠰᠢ ᠶᠢᠨ ᠫᠢᠩ ᠤᠨ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠡ ᠦᠭᠡᠢ ᠴᠢᠩᠭᠠᠳᠬᠠᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠨᠡᠩ ᠶᠡᠭᠡ ᠠᠮᠵᠢᠯᠲᠠ ᠤᠯᠬᠤ ᠶᠢ ᠲᠠᠰᠤᠷᠠᠯᠳᠡ ᠦᠭᠡᠢ ᠠᠬᠢᠭᠤᠯᠬᠤ ᠬᠡᠷᠡᠭᠲᠡᠢ ᠭᠡᠪᠡ᠃ ᠲᠡᠷᠡ ᠪᠠᠰᠠ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠱᠠᠩᠳᠤ ᠰᠢᠶᠠᠨ ᠤ ᠠᠵᠤ ᠠᠬᠤᠢ ᠨᠡᠶᠢᠭᠡᠮ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠲᠠᠰᠤᠷᠠᠯᠳᠡ ᠦᠭᠡᠢ ᠪᠠᠬᠢᠵᠢᠭᠦᠯᠦᠨ ᠬᠥᠭᠵᠢᠭᠦᠯᠬᠦ ᠶᠢ ᠬᠦᠰᠡᠪᠡ᠃ ᠭᠤᠤ ᠶᠦᠩ ᠪᠢᠨ᠂ ᠮᠠᠨ ᠤ ᠰᠢᠶᠠᠨ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠲᠠᠰᠤᠷᠠᠯᠳᠡ ᠦᠭᠡᠢ ᠪᠠᠬᠢᠵᠢᠭᠦᠯᠦᠨ ᠴᠢᠩᠭᠠᠳᠬᠠᠵᠤ᠂ ᠴᠡᠷᠢᠭ ᠠᠩᠬᠢ ᠣᠷᠣᠨ ᠨᠤᠲᠤᠭ ᠤᠨ ᠬᠥᠭᠵᠢᠯᠲᠡ ᠶᠢ ᠬᠠᠮᠲᠤᠪᠠᠷ ᠪᠠᠬᠢᠴᠡᠭᠦᠯᠦᠨ᠎ᠡ ᠭᠡᠵᠦ ᠢᠯᠡᠳᠬᠡᠪᠡ᠃       ᠤᠯᠤᠰ ᠪᠠᠶᠢᠭᠤᠯᠤᠭᠳᠠᠬᠤ ᠠᠴᠠ ᠡᠮᠤᠨᠡᠬᠢ ᠠᠬᠠᠮᠠᠳ ᠨᠠᠮ ᠤᠨ ᠭᠡᠰᠢᠭᠦᠨ᠂ ᠴᠡᠷᠢᠭ ᠠᠴᠠ ᠪᠠᠭᠤᠭᠰᠠᠨ ᠵᠢᠩ ᠵᠠᠨ ᠮᠢᠩ ᠤᠨ ᠭᠡᠷ ᠲᠤ᠂ ᠭᠤᠤ ᠶᠦᠩ ᠪᠢᠨ ᠵᠢᠩ ᠵᠠᠨ ᠮᠢᠩ ᠤᠨ 1948 ᠣᠨ ᠳᠤ ᠴᠡᠷᠢᠭ ᠲᠤ ᠣᠷᠣᠵᠤ᠂ ᠯᠢᠶᠣᠤ ᠱᠡᠨ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠳᠤ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ ᠥᠩᠭᠡᠷᠡᠭᠰᠡᠨ ᠢ ᠣᠶᠢᠯᠠᠭᠠᠪᠠ᠃ ᠭᠤᠤ ᠶᠦᠩ ᠪᠢᠨ ᠲᠡᠭᠦᠨ ᠤ ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ ᠪᠣᠯᠤᠨ ᠤᠯᠤᠰ ᠭᠡᠷ ᠢᠶᠠᠨ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠨᠠᠰᠤᠲᠠᠨ ᠤ ᠪᠡᠶ᠎ᠡ ᠪᠠᠨ ᠬᠢᠴᠢᠶᠡᠵᠦ᠂ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠶᠢ ᠬᠦᠰᠡᠪᠡ᠃ ᠦᠷᠡᠭᠳᠡᠭᠰᠡᠨ ᠪᠠᠭᠠᠲᠤᠷ ᠯᠤᠤᠧ ᠶᠢᠦ ᠹᠦ᠋ ᠤᠨ ᠭᠡᠷ ᠪᠦᠯᠢ ᠶᠢ ᠲᠣᠬᠤᠨᠢᠭᠤᠯᠬᠤ ᠳᠠᠭᠠᠨ᠂ ᠭᠤᠤ ᠶᠦᠩ ᠪᠢᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠡᠩᠬᠡ ᠲᠠᠶᠢᠪᠤᠩ ᠣᠨ ᠵᠢᠯ ᠳᠤ ᠯᠤᠲᠤ ᠶᠡᠭᠡ ᠦᠷᠡᠭᠳᠡᠯ ᠭᠠᠷᠭᠠᠭᠰᠠᠨ ᠳᠤ ᠲᠠᠯᠠᠷᠬᠠᠵᠤ᠂ ᠭᠤᠤ ᠶᠦᠩ ᠪᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠨᠠᠭᠤᠯᠵᠤ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠠᠮᠢᠳᠤᠷᠠᠯ ᠢ ᠬᠠᠯᠠᠮᠵᠢᠯᠠᠵᠤ᠂ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠳᠤᠯᠠᠭᠠᠨ᠂ ᠨᠡᠩ ᠳᠣᠲᠣᠨᠣ ᠦᠢᠯᠡᠴᠢᠯᠡᠭᠡ ᠪᠠᠷ ᠲᠡᠳᠡᠨ ᠳᠤ ᠦᠨᠡᠨᠬᠦ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠢ ᠭᠡᠪᠡ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2