ᠱᠠᠩᠳᠤ ᠰᠢᠶᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳᠡᠯᠭᠡᠬᠦ ᠦᠵᠡᠭᠦᠯᠬᠦ ᠠᠳᠠᠯᠢᠳᠬᠠᠬᠤ︾ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ︾ ᠨᠠᠮ ᠤᠨ ᠡᠭᠦᠷ ᠤᠨ ᠱᠦᠵᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠤᠷᠤᠯᠳᠤᠭᠠᠨ ᠶᠠᠪᠤᠭᠳᠠᠵᠠᠢ
ᠨᠡᠶᠢᠲᠡᠯᠡᠭᠰᠡᠨ ᠴᠠᠭ᠄
2023/7/31
    7 ᠰᠠᠷ᠎ᠠ ᠶᠢᠨ 27 ᠤ ᠡᠳᠦᠷ᠂ ᠱᠠᠩᠳᠤ ᠰᠢᠶᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳᠡᠯᠭᠡᠬᠦ ᠦᠵᠡᠭᠦᠯᠬᠦ ᠠᠳᠠᠯᠢᠳᠬᠠᠬᠤ︾ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ︾ ᠨᠠᠮ ᠤᠨ ᠡᠭᠦᠷ ᠤᠨ ᠱᠦᠵᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠤᠷᠤᠯᠳᠤᠭᠠᠨ ᠶᠠᠪᠤᠭᠳᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠤᠨ ᠾᠦᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ  ᠭᠦᠸᠧ ᠱᠸᠤ ᠢᠦᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠣᠣ ᠬᠠᠶ  ᠹᠸᠡᠭ ᠵᠢᠴᠢ ᠭᠡᠷ ᠲᠡᠭᠡᠨ ᠪᠠᠶᠢᠭ᠎ᠠ ᠰᠢᠶᠠᠨ ᠭᠠᠵᠠᠷ ᠤᠨ ᠲᠡᠰ ᠤᠨ ᠤᠳᠤᠷᠢᠳᠬᠤ ᠺᠠᠳ᠋ᠷ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠯ᠎ᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠡᠭᠦᠷ ᠤᠨ ᠱᠦᠵᠢ ᠠᠵᠢᠯᠯᠠᠭ᠎ᠠ ᠳᠤ ᠣᠷᠣᠯᠴᠠᠪᠠ᠃      ᠤᠷᠤᠯᠳᠤᠭᠠᠨ ᠤ ᠲᠤᠬᠠᠶ ᠶᠢᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠ ᠲᠣᠰᠬᠤᠨ ᠤ ᠨᠠᠮ ᠤᠨ ᠡᠭᠦᠷ ᠤᠨ ᠱᠦᠵᠢ ᠲᠤᠰ ᠪᠦᠷᠢ 10 ᠬᠥᠮᠦᠨ᠂ 30 ᠨᠡᠷᠡᠰ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠲᠤᠬᠠᠶ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ + PPT ᠦᠵᠡᠭᠦᠯᠦᠯᠭᠡ︾ ᠶᠢᠨ ᠬᠡᠯᠪᠡᠷᠢ ᠶᠢ ᠠᠪᠴᠤ᠂ ᠲᠣᠰ ᠲᠣᠰ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠭᠤᠤᠯ ᠠᠵᠢᠯ ᠤᠨ ᠦᠷ᠎ᠡ ᠪᠦᠲᠦᠮᠵᠢ᠂ ᠨᠢᠭᠡ ᠪᠦᠲᠦᠨ ᠵᠢᠯ ᠤᠨ ᠲᠥᠷᠥᠯ ᠵᠦᠶ᠋ᠯ ᠤᠨ ᠠᠬᠢᠴᠠ᠂ ᠥᠷᠢ ᠥᠭᠴᠡᠭᠡ ᠶᠢ ᠠᠷᠢᠯᠭᠠᠬᠤ᠂ ᠨᠠᠮ ᠤᠨ ᠪᠠᠶᠢᠭᠤᠯᠤᠯᠲᠠ ᠶᠢᠨ ᠠᠵᠢᠯ ᠬᠢᠭᠡᠳ ᠲᠤᠬᠠᠶᠢᠯᠠᠭᠰᠠᠨ ᠠᠵᠢᠯ ᠤᠨ ᠠᠭᠤᠰᠤᠯᠴᠠᠯ ᠤᠨ ᠬᠡᠮᠵᠢᠶ᠎ᠡ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ᠂ ᠲᠣᠰᠬᠤᠨ ᠤ ᠰᠤᠷᠲᠠᠯ ᠤᠨ ᠪᠣᠯᠪᠠᠰᠤᠨ᠂ ᠠᠵᠤ ᠦᠶ᠋ᠯᠡᠰ ᠤᠨ ᠬᠥᠭᠵᠢᠯᠲᠡ᠂ ᠲᠣᠰᠬᠤᠨ ᠤ ᠬᠠᠮᠲᠤ ᠶᠢᠨ ᠠᠵᠤ ᠠᠬᠤᠶ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠪᠠ᠃ ᠠᠳᠠᠯᠢ ᠪᠤᠰᠤ ᠬᠠᠷᠠᠭᠠᠰᠤ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢᠨ ᠲᠤᠬᠠᠢ ᠲᠠᠨᠢᠯᠲᠠ ᠣᠶᠢᠯᠠᠭᠠᠯᠲᠠ᠂ ᠠᠷᠭ᠎ᠠ ᠵᠠᠮ ᠪᠣᠯᠤᠨ ᠦᠷ᠎ᠡ ᠪᠦᠲᠦᠮᠵᠢ ᠤᠯᠬᠤ ᠲᠤᠬᠠᠢ ᠶᠠᠷᠢᠪᠠ᠃ ᠤᠷᠦᠯᠳᠤᠭᠠᠨ ᠤ ᠮᠥᠷᠦ᠋ᠢᠴᠡᠬᠦ ᠶᠠᠪᠤᠴᠠ ᠳᠤ᠂ ᠡᠯ᠎ᠡ ᠰᠠᠯᠠᠭ᠎ᠠ ᠮᠦᠴᠢᠷ ᠤᠨ ᠨᠠᠮ ᠤᠨ ᠡᠭᠦᠷ ᠤᠨ ᠱᠦᠵᠢ ᠥᠪᠡᠷ ᠤᠨ ᠠᠵᠢᠯ ᠤᠨ ᠳᠤᠮᠳᠠᠬᠢ ᠰᠢᠨ᠎ᠡ ᠬᠢᠯᠠᠰ ᠴᠡᠭ᠂ ᠰᠢᠨ᠎ᠡ ᠰᠢᠪᠲᠤᠯᠤᠯᠲᠠ᠂ ᠰᠢᠨ᠎ᠡ ᠠᠷᠭ᠎ᠠ ᠬᠡᠮᠵᠢᠶ᠎ᠡ ᠪᠠᠨ ᠢᠯᠡᠷᠡᠭᠦᠯᠦᠭᠰᠡᠨ ᠮᠥᠷᠲᠡᠭᠡᠨ ᠪᠠᠰᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠲᠠᠨᠢᠵᠤ᠂ ᠬᠤᠶᠢᠰᠢᠳᠠ ᠶᠢᠨ ᠴᠢᠷᠮᠠᠶᠢᠬᠤ ᠴᠢᠭᠯᠡᠯ ᠢ ᠵᠢᠭᠠᠨ ᠭᠠᠷᠭᠠᠭᠰᠠᠨ ᠪᠠᠶᠢᠨ᠎ᠠ᠃      ᠤᠷᠤᠯᠳᠤᠭᠠᠨ ᠳᠤ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠂ ᠡᠯ᠎ᠡ ᠰᠢᠶᠠᠩ ᠪᠠᠯᠭᠠᠰᠤᠨ ᠤ ᠨᠠᠮ ᠤᠨ ᠡᠭᠦᠷ ᠤᠨ ᠱᠦᠵᠢ ︽ᠦᠵᠡᠭᠦᠯᠦᠯᠭᠡ ᠶᠢᠨ ᠬᠤᠪᠢ + ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠬᠦ︾ ᠶᠢ ᠤᠶᠠᠯᠳᠤᠭᠤᠯᠬᠤ ᠬᠡᠯᠪᠡᠷᠢ ᠪᠠᠷ ᠬᠤᠪᠢ ᠣᠯᠭᠤᠵᠤ᠂ ᠬᠠᠮᠤᠭ ᠡᠴᠦᠰ ᠲᠤ ᠨᠢᠭᠡᠳᠦᠭᠡᠷ ᠳᠡᠰ ᠤᠨ ᠱᠠᠩᠨᠠᠯ ᠲᠤᠰ ᠪᠦᠷᠢ 1 ᠨᠡᠷᠡᠰ᠂ ᠬᠤᠶᠠᠳᠤᠭᠠᠷ ᠳᠡᠰ ᠤᠨ ᠱᠠᠩᠨᠠᠯ ᠲᠤᠰ ᠪᠦᠷᠢ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ ᠲᠤᠰ ᠪᠦᠷᠢ 3 ᠨᠡᠷᠡᠰ᠂ ᠰᠢᠯᠢᠳᠡᠭ ᠱᠠᠩᠨᠠᠯ ᠲᠤᠰ ᠪᠦᠷᠢ 4 ᠨᠡᠷᠡᠰ ᠢ ᠰᠢᠯᠭᠠᠷᠠᠭᠤᠯᠪᠠ᠃      ᠶᠠᠩ ᠸᠡᠨ ᠾᠦᠢ ᠲᠤᠰ ᠤᠳᠠᠭ᠎ᠠ ᠶᠢᠨ ᠤᠷᠤᠯᠳᠤᠭᠠᠨ ᠳᠤ ᠳ᠋ᠦᠩᠨᠡᠯᠲᠡ ᠶᠢᠨ ᠶᠠᠷᠢᠶ᠎ᠠ ᠲᠠᠯᠪᠢᠬᠤ ᠶᠢᠨ ᠬᠠᠮᠲᠤ ᠴᠢᠬᠤᠯᠠᠴᠢᠯᠠᠭᠰᠠᠨ ᠨᠢ᠄ ︽ᠳᠡᠯᠭᠡᠬᠦ ᠦᠵᠡᠭᠦᠯᠬᠦ ᠠᠳᠠᠯᠢᠳᠬᠠᠬᠤ︾ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ︾ ᠠᠵᠢᠯᠯᠠᠭ᠎ᠠ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠶ᠂ ︽ᠳᠡᠯᠭᠡᠬᠦ ᠦᠵᠡᠭᠦᠯᠬᠦ ᠠᠳᠠᠯᠢᠳᠬᠠᠬᠤ︾ ︽ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ︾ ᠠᠵᠢᠯᠯᠠᠭ᠎ᠠ ᠶᠢᠨ ᠭᠤᠣᠯ ᠲᠤᠯᠭᠠᠭᠤᠷᠢ ᠬᠦᠴᠤᠨ ᠪᠣᠯᠬᠤ ᠪᠠᠷ ᠴᠢᠷᠮᠠᠶᠢᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠤᠨ ᠲᠠᠬᠢᠨ ᠨᠢᠭᠡᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠶᠢᠮᠦ ᠠᠴᠠ ᠨᠢᠭᠡ ᠳᠤ ᠂ ᠬᠠᠷᠠᠯᠲᠠ ᠪᠠᠨ ᠲᠣᠳᠣᠷᠬᠠᠶᠢᠯᠠᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠡᠩ ᠤᠨ ᠵᠤᠷᠰᠢᠯ ᠠᠴᠠ ᠳᠠᠪᠠᠭᠰᠠᠨ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠶᠠᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠲᠦᠷᠭᠡᠨ ᠠᠬᠢᠭᠤᠯᠬᠤ ᠬᠡᠷᠡᠭᠲᠡᠢ ᠃ ᠬᠤᠶᠠᠷ ᠲᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠳᠣᠲᠠᠭᠳᠠᠯ ᠢᠶᠠᠨ ᠨᠥᠬᠦᠪᠥᠷᠢᠯᠡᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠥᠷᠢ᠊ ᠡᠶ᠎ᠡ ᠪᠠᠨ ᠤᠯᠠᠮ ᠴᠢᠨᠠᠭᠰᠢᠳᠠ ᠡᠷᠢᠵᠦ᠂ ᠳᠤᠲᠠᠭᠳᠠᠯ ᠢᠶᠠᠨ ᠨᠥᠬᠦᠪᠥᠷᠢᠯᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠱᠢ᠊ ᠡᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠣᠳᠠᠲᠠᠢ ᠳᠤ ᠰᠠᠭᠤᠷᠢᠯᠠᠵᠤ᠂ ᠠᠷᠭ᠎ᠠ ᠬᠡᠮᠵᠢ᠊ ᠡᠶ᠎ᠡ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠬᠢᠯᠠᠰ ᠴᠡᠭ ᠲᠠᠢ᠂ ᠥᠪᠡᠷᠮᠢᠴᠡ ᠣᠨᠴᠠᠯᠢᠭ ᠲᠠᠢ᠂ ᠦᠷ᠎ᠡ ᠪᠦᠲᠦᠮᠵᠢ ᠲᠠᠢ ᠵᠢᠱᠢ᠊ ᠡᠶ᠎ᠡ ᠦᠵᠡᠭᠦᠯᠬᠦ ᠴᠡᠭ ᠢ ᠬᠦᠴᠦᠯᠡᠨ ᠴᠣᠭᠴᠠᠯᠠᠬᠤ ᠬᠡᠷᠡᠭᠲᠡᠢ᠃      ᠶᠠᠩ  ᠸᠡᠨ ᠾᠦᠢ᠂ ᠭᠦᠸᠤ ᠱᠸᠤ ᠢᠦᠶ᠂ ᠶᠣᠣ ᠬᠠᠶ ᠹᠤᠩ ᠵᠡᠷᠭᠡ ᠰᠢᠶᠠᠨ ᠤ ᠤᠳᠤᠷᠢᠳᠤᠯᠭ᠎ᠠ ᠠᠴᠠ ᠱᠠᠩᠨᠠᠯ ᠭᠥᠷᠳᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠳᠤ ᠱᠠᠩᠨᠠᠯ ᠭᠠᠷᠳᠠᠭᠤᠯᠪᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2