ᠶᠠᠩ  ᠸᠡᠨ ᠾᠦᠢ ︽ᠨᠠᠢᠮᠠᠨ ᠰᠠᠷ᠎ᠠ ᠶᠢᠨ ᠨᠢᠭᠡᠨ︾ ᠠᠴᠠ ᠡᠮᠦᠨ᠎ᠡ ᠭᠠᠯ ᠤᠨᠲᠠᠷᠭᠠᠵᠤ ᠠᠪᠤᠷᠠᠨ ᠲᠤᠰᠠᠯᠠᠬᠤ ᠠᠩᠭᠢ᠂ ᠵᠡᠮᠳᠡᠭ ᠴᠡᠷᠢᠭ ᠤᠨ ᠡᠷᠦᠬᠡ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/8/1
      ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠲᠤᠳᠬᠠᠨ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠡᠨ‌ᠾᠦ᠋ᠢ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠣᠭᠴᠢ ᠪᠠᠶᠢᠯᠳᠤᠭᠴᠢ᠂ ᠵᠡᠮᠳᠡᠭ  ᠴᠡᠷᠢᠭ ‍ᠦᠨ‌ᠡᠷᠦᠬᠡ  ᠪᠠ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠢᠷᠥᠭᠡᠯ ᠢ ᠳᠡᠪᠰᠢᠭᠦᠯᠪᠡ᠃       ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠶᠠᠩ  ᠸᠡᠨ ᠾᠦᠢ ᠭᠠᠯ ᠤᠨᠲᠠᠷᠠᠭᠠᠬᠤ ᠠᠵᠢᠯ ᠤᠨ ᠵᠢᠯᠣᠭᠤᠳᠣᠭᠴᠢ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠣᠯᠪᠠᠰᠤᠷᠠᠯ᠂ ᠠᠵᠢᠯ ᠳᠤ ᠪᠡᠯᠡᠳᠬᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠭᠠᠯ ᠤᠨ ᠭᠠᠮᠰᠢᠭ ᠤᠨ ᠠᠳᠡᠯ ᠢ ᠤᠷᠢᠳᠴᠢᠯᠠᠨ ᠰᠡᠷᠭᠡᠶᠢᠯᠡᠬᠦ᠂ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠲᠤᠰᠠᠯᠠᠬᠤ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠠᠲᠠᠭᠤ ᠴᠢᠩᠭ᠎ᠠ ᠰᠤᠷᠲᠠᠯ ᠢᠶᠠᠨ ᠪᠠᠷᠢᠮᠲᠠᠯᠠᠵᠤ᠂ ᠱᠠᠩᠳᠦ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃        ᠵᠡᠮᠳᠡᠭ ᠪᠣᠯᠤᠭᠰᠠᠨ ᠴᠡᠷᠢᠭ ᠤᠨ ᠡᠷᠦᠬᠡ ᠴᠧᠨ ᠱᠢ ᠰᠢᠶᠠᠩ᠂ ᠦᠷᠡᠭᠳᠡᠭᠰᠡᠨ ᠪᠠᠭᠠᠲᠣᠷ ᠤᠨ ᠭᠡᠷ ᠪᠦᠯᠢ ᠯᠢᠦ ᠢᠦᠢ ᠶᠢᠨ ᠭᠡᠷ ᠲᠤ᠂ ᠶᠠᠩ  ᠸᠡᠨ ᠾᠦᠢ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠡᠳᠡᠨ ᠤ ᠤᠯᠤᠰ ᠪᠠ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠶᠢ ᠠᠮᠢᠳᠤᠷᠠᠯ ᠤᠨ ᠳᠤᠮᠳᠠᠬᠢ ᠪᠣᠳᠠᠲᠠᠶ ᠬᠦᠴᠢᠷᠳᠡᠯ ᠢ ᠨᠢ ᠦᠨᠡᠨ ᠬᠦ ᠬᠠᠪᠰᠤᠷᠤᠨ  ᠰᠢᠢᠳᠪᠦᠷᠢᠯᠡᠵᠦ᠂ ᠲᠡᠳᠡᠨ ᠢ ᠡᠷᠡᠭᠦᠯ ᠴᠢᠭᠢᠷᠠᠭ ᠵᠣᠯ ᠵᠢᠷᠭᠠᠯ ᠲᠠᠢ ᠥᠲᠡᠯᠦᠭᠡ ᠨᠠᠰᠤ ᠶᠢ ᠨᠢ ᠠᠮᠤᠷ ᠵᠢᠷᠭᠠᠯ ᠲᠠᠢ ᠦᠡᠭᠭᠡᠷᠡᠭᠦᠯᠬᠦ ᠬᠡᠷᠡᠭᠲᠡᠶ ᠭᠡᠵᠦ ᠱᠠᠭᠠᠷᠳᠠᠵᠠᠶ᠃        ᠰᠢᠶᠠᠨ ᠤ ᠤᠳᠤᠷᠢᠳᠤᠯᠭ᠎ᠠ ᠵᠤᠤ  ᠭᠦᠸᠧ ᠸᠠᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃  
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2