ᠶᠣᠣ ᠬᠠᠶ  ᠹᠸᠡᠭ ︽  ᠨᠠᠢᠮᠠᠨ‌‍ᠰᠠᠷ᠎ᠠ ᠶᠢᠨ ᠨᠢᠭᠡᠨ︾ ᠠᠴᠠ ᠡᠮᠦᠨ᠎ᠡ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ᠂ ᠵᠡᠮᠳᠡᠭ ᠴᠡᠷᠢᠭ ᠤᠨ ᠡᠷᠦᠬᠡ ᠪᠠ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/8/1
      ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠣᠣ ᠬᠠᠢ  ᠹᠸᠡᠭ ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠶᠢᠨ ᠳᠠᠷᠤᠭ᠎ᠠ ᠪᠠᠶᠢᠯᠳᠤᠭᠴᠢ᠂ ᠵᠡᠮᠳᠡᠭ ᠴᠡᠷᠢᠭ ᠤᠨ ᠡᠷᠦᠬᠡ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠲᠣᠬᠤᠨᠢᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠣᠣ  ᠭᠦᠸᠧ ᠸᠠᠨ ᠵᠢᠴᠢ ᠰᠢᠶᠠᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃        ᠵᠡᠪᠰᠡᠭᠲᠦ ᠴᠠᠭᠳᠠᠭ᠎ᠠ ᠶᠢᠨ ᠳᠤᠮᠳᠠ ᠠᠩᠬᠢ ᠳᠤ᠂ ᠶᠣᠣ ᠬᠠᠢ  ᠹᠸᠡᠭ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠵᠢᠴᠢ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠠᠮᠢᠳᠤᠷᠠᠯ᠂ ᠰᠤᠷᠤᠯᠴᠠᠯᠭ᠎ᠠ᠂ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠲᠣᠬᠤᠨᠢᠭᠤᠯᠬᠤ ᠪᠣᠳᠠᠰ ᠬᠦᠷᠭᠡᠪᠡ᠃ ᠳᠠᠷᠤᠭ᠎ᠠ ᠪᠠᠶᠢᠯᠳᠤᠭᠴᠢᠳ ᠤᠨ ᠠᠷᠠᠳ ᠤᠨ ᠴᠡᠷᠢᠭ ᠠᠩᠬᠢ ᠶᠢᠨ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠷᠢᠮᠲᠠᠯᠠᠨ ᠪᠠᠳᠠᠷᠠᠭᠤᠯᠵᠤ᠂ ᠰᠤᠷᠤᠯᠴᠠᠯᠭ᠎ᠠ ᠪᠠᠨ ᠴᠢᠩᠭᠠᠳᠬᠠᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠶᠢ ᠬᠦᠰᠡᠨ ᠨᠠᠶᠢᠳᠠᠪᠠ᠃         ᠵᠡᠮᠳᠡᠭ ᠴᠡᠷᠢᠭ ᠤᠨ ᠡᠷᠦᠬᠡ ᠯᠢ  ᠹᠸᠡᠭ ᠢ ᠲᠣᠬᠤᠨᠢᠭᠤᠯᠬᠤ ᠦᠶ᠎ᠡ ᠳᠤ᠂ ᠶᠣᠣ ᠬᠠᠶ  ᠹᠸᠡᠭ ᠲᠡᠭᠦᠨ ᠤ ᠪᠡᠶ᠎ᠡ ᠶᠢᠨ ᠪᠠᠶᠢᠳᠠᠯ᠂ ᠡᠷᠡᠭᠦᠯᠵᠢᠯ ᠤᠨ ᠪᠣᠯᠪᠠᠰᠤᠷᠠᠯ ᠬᠥᠷᠳᠡᠭᠰᠡᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠬᠠᠮᠲᠤ ᠲᠣᠬᠤᠨᠢᠭᠤᠯᠬᠤ ᠮᠥᠩᠭᠦ ᠬᠦᠷᠭᠡᠵᠦ᠂ ᠲᠡᠭᠦᠨ ᠢ ᠠᠮᠢᠳᠤᠷᠠᠯ ᠳᠤ ᠪᠠᠨ ᠢᠲᠡᠭᠡᠯ ᠵᠣᠷᠢᠭ ᠲᠠᠢ ᠭᠡᠵᠦ ᠵᠣᠷᠢᠭᠵᠢᠭᠤᠯᠵᠠᠶ᠃ ᠦᠷᠡᠭᠳᠡᠭᠰᠡᠨ ᠪᠠᠭᠠᠲᠤᠷ ᠮᠠ ᠱᠧᠩ ᠤ ᠬᠡᠷ ᠪᠦᠯᠢ ᠲᠤ ᠶᠣᠣ ᠬᠠᠶ  ᠹᠸᠡᠭ ᠨᠠᠰᠦᠲᠡᠨ ᠲᠠᠢ ᠵᠣᠭᠤᠭ ᠳᠡᠯᠭᠡᠵᠦ᠂ ᠬᠠᠯᠠᠭᠤᠨ ᠳᠤᠯᠠᠭᠠᠨ ᠢ ᠨᠢ ᠠᠰᠠᠭᠤᠵᠤ᠂ ᠨᠠᠰᠤᠲᠡᠨ ᠢ ᠪᠡᠶ᠎ᠡ ᠪᠠᠨ ᠭᠠᠮᠨᠠᠬᠤ ᠶᠢ ᠬᠦᠰᠡᠭᠰᠡᠨ ᠪᠥᠭᠡᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢ ᠬᠠᠯᠠᠮᠵᠢᠯᠠᠨ ᠬᠠᠶᠢᠷᠠᠯᠠᠬᠤ  ᠦᠢᠯᠡᠴᠢᠯᠡᠭᠡᠨ ᠤ ᠠᠵᠢᠯ ᠢ ᠢᠳᠡᠪᠬᠢᠲᠡᠶ ᠥᠷᠨᠢᠭᠦᠯᠵᠦ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠶᠢᠨ ᠬᠢᠨ ᠢ ᠦᠨᠡᠨ ᠰᠡᠳᠬᠢᠯ ᠠᠴᠠ ᠪᠠᠨ ᠬᠠᠪᠰᠤᠷᠤᠨ ᠪᠣᠳᠠᠲᠠᠶ ᠬᠦᠴᠢᠷᠳᠡᠯ ᠢ ᠨᠢ  ᠰᠢᠢᠳᠪᠦᠷᠢᠯᠡᠵᠦ᠂᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠬᠡᠷᠡᠭᠲᠡᠶ ᠭᠡᠵᠦ ᠰᠠᠨᠠᠭᠤᠯᠤᠭᠰᠠᠨ ᠪᠠᠶᠢᠨ᠎ᠠ᠃
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2