ᠭᠤᠤ ᠶᠦᠩ ᠪᠢᠨ ᠪᠠᠢ ᠠᠨ ᠤ ᠲᠦᠷᠭᠡᠨ ᠵᠠᠰᠠᠮᠠᠯ ᠵᠠᠮ ᠵᠢᠴᠢ ᠲᠤᠰᠠᠯᠠᠬᠤ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠬᠠᠢ ᠶᠢᠨ ᠲᠠᠯᠠᠪᠠᠢ ᠶᠢᠨ ᠠᠵᠢᠯᠯᠠᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/10
     8 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠪᠠᠶ ᠠᠨ ᠤ ᠲᠦᠷᠭᠡᠨ ᠵᠠᠰᠠᠮᠠᠯ ᠵᠠᠮ ᠵᠢᠴᠢ ᠲᠤᠰᠠᠯᠠᠬᠤ ᠵᠠᠮ ᠤᠨ ᠬᠤᠶᠠᠷ ᠬᠠᠵᠠᠭᠤ ᠶᠢᠨ ᠣᠷᠴᠢᠨ ᠠᠬᠤᠶ ᠶᠢ ᠴᠡᠭᠴᠡᠯᠡᠨ ᠵᠠᠰᠠᠬᠤ ᠲᠤᠬᠠᠶ ᠶᠢᠨ ᠲᠠᠯᠠᠪᠤᠷ ᠤᠨ ᠠᠵᠢᠯᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠰᠢᠶᠦ᠋ᠩ ᠸᠧᠢ᠂ ᠴᠧᠨ ᠶᠠ ᠮᠢᠩ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠭᠤᠤ ᠶᠦᠩ ᠪᠢᠨ ᠵᠢᠭᠠᠵᠤ ᠭᠠᠷᠭᠠᠭᠰᠠᠨ ᠨᠢ᠂ ᠪᠠᠶ ᠠᠨ ᠤ ᠲᠦᠷᠭᠡᠨ ᠵᠠᠰᠠᠮᠠᠯ ᠵᠠᠮ ᠤᠨ ᠵᠦᠶ᠋ᠯᠡᠰ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ᠂ ᠳᠤᠮᠳᠠ᠂ ᠵᠡᠭᠦᠨ ᠬᠡᠰᠡᠭ ᠤᠨ ᠠᠶᠢᠮᠠᠭ ᠬᠤᠲᠠ ᠶᠢᠨ ᠬᠠᠷᠢᠯᠴᠠᠬᠤ ᠬᠤᠯᠪᠣᠭᠠᠰᠤ ᠮᠥᠨ᠂ ᠮᠥᠨ ᠴᠦ ᠵᠡᠭᠦᠨ ᠬᠤᠶᠢᠲᠤ ᠶᠢᠨ ᠭᠤᠷᠪᠠᠨ ᠮᠤᠵᠢ ᠳᠤ ᠬᠥᠷᠬᠦ ᠴᠢᠬᠤᠯᠠ ᠵᠠᠮ ᠮᠥᠨ᠂ ᠡᠨᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠭᠡᠨ ᠵᠠᠰᠠᠮᠠᠯ ᠵᠠᠮ ᠤᠨ ᠲᠣᠤᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠬᠦ᠂ ᠣᠷᠣᠨ ᠪᠦᠰᠡ ᠶᠢᠨ ᠵᠠᠮ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠬᠤ᠂ ᠣᠷᠣᠨ ᠨᠤᠲᠤᠭ ᠤᠨ ᠠᠵᠤ ᠠᠬᠤᠶ ᠶᠢ ᠬᠦᠴᠦᠲᠡᠶ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠦᠷᠭᠡᠨ ᠵᠠᠰᠠᠮᠠᠯ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠ ᠵᠠᠮ ᠲᠠᠭᠠᠣ ᠳᠤᠷ᠎ᠠ ᠪᠠᠷ ᠢᠶᠠᠨ ᠣᠷᠣᠰᠢᠭᠤᠯᠬᠤ ᠪᠤᠯᠠᠬᠤ ᠶᠢ ᠴᠡᠭᠴᠡᠯᠡᠨ ᠵᠠᠰᠠᠬᠤ ᠨᠢ ᠠᠮᠢ ᠠᠬᠤᠶ ᠶᠢ ᠬᠠᠮᠠᠭᠠᠯᠠᠬᠤ᠂ ᠲᠠᠷᠢᠶᠠᠨ ᠭᠠᠵᠠᠷ ᠢ ᠠᠷᠪᠢᠯᠠᠬᠤ ᠨᠢᠭᠡ  ᠵᠤᠶᠢᠯᠯ ᠤᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠱᠠᠩᠳᠤ ᠰᠢᠶᠠᠨ ᠤ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠪᠠ ᠣᠯᠠᠨ ᠲᠦᠮᠡᠨ ᠤ ᠶᠠᠪᠤᠵᠤ ᠰᠠᠭᠤᠬᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠴᠢᠳᠠᠨ᠎ᠠ᠃       ᠭᠤᠤ ᠶᠦᠩ ᠪᠢᠨ ᠴᠢᠬᠤᠯᠠᠴᠢᠯᠠᠭᠰᠠᠨ ᠨᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠵᠢᠯ ᠤᠨ ᠭᠦᠨᠵᠡᠭᠡᠶ ᠥᠷᠨᠢᠯᠲᠡ ᠶᠢ ᠬᠦᠴᠦᠲᠡᠶ᠂ ᠡᠮᠬᠢ ᠵᠢᠷᠤᠮ ᠲᠠᠢ᠂ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ᠃ ᠨᠣᠭᠤᠭᠠᠷᠠᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠳᠬᠠᠬᠤ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠲᠦᠷᠭᠡᠨ ᠵᠠᠰᠠᠮᠠᠯ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠭᠤᠶᠢᠳᠠ ᠰᠠᠶᠢᠬᠠᠨ᠂ ᠲᠠᠭᠠᠯᠠᠮᠵᠢᠲᠠᠶ ᠲᠦᠷᠭᠡᠨ ᠵᠠᠰᠠᠮᠠᠯ ᠵᠠᠮ ᠤᠨ ᠳᠠᠭᠠᠤ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠡᠭᠦᠳᠦᠨ ᠪᠠᠶᠢᠭᠤᠯᠬᠤ ᠬᠡᠷᠡᠭᠲᠡᠶ᠃ᠣᠷᠴᠢᠭᠤᠯᠤᠭᠴᠢ᠄ ᠬᠠᠨᠠᠭᠠᠷ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2