ᠶᠠᠩ  ᠸᠧᠨ ᠾᠦᠢ ᠬᠥᠳᠡᠭᠡ ᠲᠣᠰᠬᠤᠨ ᠤ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/8/10
    8 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ  ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠶᠠᠩ  ᠸᠧᠨ ᠾᠦᠢ ᠰᠢᠶᠤᠤ ᠬᠠᠢ ᠽᠢ ᠪᠠᠯᠭᠠᠰᠤ᠂ ᠴᠢ ᠲᠠᠢ ᠪᠠᠯᠭᠠᠰᠤᠨ ᠳᠤ ᠭᠦᠨᠵᠡᠭᠡᠶᠢᠷᠡᠨ ᠡᠪᠦᠯ ᠤᠨ ᠤᠯᠠᠷᠢᠯ ᠤᠨ ᠠᠷᠢᠭᠤᠨ ᠴᠡᠪᠡᠷ ᠢᠶᠠᠷ ᠳᠤᠯᠠᠭᠠᠯᠠᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃      ᠶᠠᠩ  ᠸᠧᠨ ᠾᠦᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠨᠠᠷᠢᠨ ᠣᠨᠣᠴᠠᠲᠠᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠶᠠᠩ  ᠸᠧᠨ ᠾᠦᠢ᠂ ᠤᠯᠠᠨ ᠲᠦᠮᠡᠨ ᠤ ᠳᠤᠯᠠᠭᠠᠨ ᠢᠶᠠᠷ ᠡᠪᠦᠯᠵᠢᠬᠦ ᠶᠢ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠤᠬᠠᠭᠤᠯᠤᠨ ᠳᠡᠯᠭᠡᠷᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠤᠯᠠᠨ ᠲᠦᠮᠡᠨ ᠤ ᠠᠷᠢᠭᠤᠨ ᠴᠡᠪᠡᠷ ᠢᠶᠠᠷ ᠳᠤᠯᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠠᠷᠢᠭᠤᠨ ᠴᠡᠪᠡᠷ ᠢᠶᠠᠷ ᠳᠤᠯᠠᠭᠠᠯᠠᠬᠤ ᠡᠯ᠎ᠡ ᠵᠦᠢᠯ ᠤᠨ ᠠᠵᠢᠯ ᠢ ᠵᠣᠬᠢᠴᠠᠭᠤᠯᠤᠨ ᠬᠠᠮᠵᠢᠯᠴᠠᠵᠤ ᠰᠠᠶᠢᠲᠤᠷ ᠬᠢᠵᠦ᠂ ᠤᠯᠠᠨ ᠲᠦᠮᠡᠨ ᠤ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠪᠠ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠧᠵᠢᠶᠠᠩ ᠮᠤᠵᠢ ᠶᠢᠨ ︽ᠮᠢᠩᠭᠠᠨ ᠲᠦᠮᠡᠨ ᠢᠨᠵᠧᠨᠧᠷᠢᠩ︾ ᠤᠨ ᠬᠤᠪᠣᠷ ᠨᠠᠨᠳᠢᠨ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠡᠯᠭᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠰᠢᠰᠲ᠋ᠧᠮ ᠲᠠᠢ ᠲᠥᠯᠥᠪᠵᠢᠭᠦᠯᠬᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠨ ᠪᠦᠳᠦᠭᠡᠨ ᠪᠠᠶᠢᠭᠤᠯᠵᠤ᠂ ᠥᠷᠭᠡᠨ ᠤᠯᠠᠨ ᠲᠠᠷᠢᠶᠠᠴᠢᠨ ᠲᠦᠮᠡᠨ ᠤ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ  ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠠᠷᠠᠯᠲᠠ ᠶᠢ ᠲᠣᠭᠲᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠣᠨᠣᠴᠠᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠯᠠᠨ ᠠᠷᠭ᠎ᠠ ᠵᠠᠮ᠂ ᠤᠯᠠᠨ ᠬᠦᠷᠢᠶᠡᠨ ᠬᠡᠪᠴᠢᠶᠡᠨ ᠳᠤ ᠣᠷᠣᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ᠂ ᠠᠷᠭ᠎ᠠ ᠪᠦᠬᠦᠨ ᠢ ᠰᠦᠪᠡᠭᠴᠢᠯᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠰᠢᠶᠠᠨ ᠤ ᠤᠳᠤᠷᠢᠳᠤᠯᠭ᠎ᠠ ᠯᠢᠦ ᠷᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ᠣᠷᠴᠢᠭᠤᠯᠤᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2