ᠭᠤᠤ ᠶᠦᠩ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 ᠣᠨ ᠤ 18 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/11
     8 ᠰᠠᠷ᠎ᠠ ᠶᠢᠨ 10  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠭᠤᠤ ᠶᠦᠩ ᠪᠢᠨ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ 18 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠭᠤᠣᠯ ᠤᠳᠤᠷᠢᠳᠤᠯᠭ᠎ᠠ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠰᠢᠶᠠᠨ ᠤ ᠳᠠᠷᠤᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠰᠧᠴᠤᠸᠠᠨ ᠮᠤᠵᠢ ᠪᠣᠯᠣᠨ ᠱᠠᠨᠰᠢ ᠮᠤᠵᠢ ᠶᠢᠨ ᠬᠠᠨᠵᠦ᠋ᠩ ᠬᠤᠳᠠ ᠳᠤ ᠰᠢᠨᠵᠢᠯᠡᠨ ᠪᠠᠶᠢᠴᠠᠭᠠᠬᠤ ᠳᠠᠭᠠᠨ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ  ᠳᠡᠭᠡᠷᠡᠬᠢ  ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠭᠤᠣ ᠶᠦᠩ ᠪᠢᠨ ᠬᠡᠯᠡᠬᠦ ᠳᠡᠭᠡᠨ᠂ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠢ ᠴᠢᠬᠤᠯᠠ ᠵᠢᠭᠠᠪᠤᠷᠢ᠂ ᠮᠠᠰᠢ ᠴᠢᠩᠭ᠎ᠠ ᠬᠠᠨᠳᠤᠯᠭ᠎ᠠ ᠶᠢᠨ ᠴᠢᠨᠠᠷᠲᠠᠢ ᠵᠢᠯᠤᠭᠤᠳᠬᠤ ᠴᠢᠨᠠᠷ ᠲᠠᠢ ᠪᠠᠶᠢᠵᠤ᠂ ᠪᠢᠳᠡ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠭᠠᠮᠰᠢᠭ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠭᠠᠮᠰᠢᠭ ᠤᠨ ᠪᠠᠶᠢᠳᠠᠯ ᠢ ᠬᠠᠮᠤᠭ ᠤᠨ ᠲᠡᠷᠢᠭᠦᠨ ᠳᠤ ᠣᠶᠢᠯᠠᠭᠠᠨ ᠰᠢᠢᠳᠪᠦᠷᠢᠯᠡᠵᠦ᠂ ᠣᠨᠴᠠᠭᠠᠶ ᠴᠠᠭ ᠠᠭᠤᠷ ᠤᠨ ᠤᠯᠠᠨ ᠲᠦᠮᠡᠨ ᠳᠤ ᠤᠴᠠᠷᠠᠭᠤᠯᠬᠤ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃       ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︿ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ﹀︾ ᠪᠣᠯᠣᠨ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠪᠠᠶᠢᠭᠤᠯᠤᠭᠰᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠳᠦᠷᠢᠮ︾  ᠢ  ᠲᠤᠭᠤᠰᠢᠯᠠᠭᠤᠯᠵᠤ᠂ ᠪᠠᠰᠠ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ  ᠤᠯᠤᠰ ᠲᠦᠷᠦ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠰᠦᠯᠵᠢᠶᠡᠨ ᠤ ᠢᠷᠭᠡᠳ ᠤᠨ ᠦᠯᠡᠳᠡᠭᠡᠭᠰᠡᠨ ᠦᠭᠡ ᠪᠣᠯᠣᠨ︽12345︾ ᠶᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃   ᠬᠤᠷᠠᠯ ᠳᠤ ᠪᠠᠰᠠ ︽ᠰᠢᠶᠠᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠢ ᠮᠡᠳᠡᠭᠳᠡᠯ ︵ᠬᠢᠨᠠᠨ ᠵᠥᠪᠯᠡᠬᠦ ᠨᠣᠣᠷᠠᠭ︶︾᠂ ︽ᠱᠠᠩᠳᠤ ᠰᠢᠶᠠᠨ ᠤ 2023 ᠣᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ ᠵᠢᠴᠢ ᠲᠣᠬᠢᠷᠠᠭᠤᠯᠤᠯᠲᠠ︾ ᠵᠡᠷᠭᠡ ᠵᠢᠭᠠᠪᠤᠷᠢ ᠠᠪᠬᠤ ᠮᠡᠳᠡᠭᠦᠯᠦᠯᠲᠡ ᠶᠢ ᠬᠢᠨᠠᠨ  ᠵᠦᠪᠯᠡᠵᠠᠢ᠃ ᠴᠢ ᠲᠠᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠ ᠰᠠᠨ ᠳ᠋ᠠ ᠴᠢᠩ ᠰᠢᠶᠠᠩ ᠤᠨ ᠳ᠋ᠦᠩ ᠵᠢᠶᠠ ᠼᠦᠨ ᠲᠣᠰᠬᠤᠨ ᠤ ᠪᠣᠬᠢᠷ ᠤᠰᠤᠨ ᠤ ᠥᠷᠲᠡᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠬᠠᠮᠢᠶ᠎ᠠ ᠪᠦᠬᠦᠢ ᠵᠦᠢᠯᠡᠰ ᠢ  ᠰᠣᠳᠦᠯᠪᠠ᠃ ᠣᠷᠴᠢᠭᠤᠯᠤᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2