ᠴᠡᠷᠢᠭ ᠤᠨ ᠠᠯᠪᠠᠨ ᠠᠴᠠ ᠪᠠᠭᠤᠭᠰᠠᠳ ᠢ ᠪᠣᠯᠪᠠᠰᠤᠷᠠᠭᠤᠯᠬᠤ ᠠᠵᠢᠯ ᠤᠨ ᠠᠬᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠯᠠᠪᠳᠠᠭᠤᠨ ᠪᠠᠲᠤᠲᠠᠢ ᠪᠣᠯᠭᠠᠨ᠎ᠠ
ᠨᠡᠶᠢᠲᠡᠯᠡᠭᠰᠡᠨ ᠴᠠᠭ᠄
2023/8/24
    ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠵᠠᠰᠠᠭ ᠢ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠵᠡᠷᠭᠡ ᠲᠠᠯ᠎ᠠ ᠪᠠᠷ ᠭᠤᠤᠯᠳᠠᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠦᠢᠯᠡᠰ ᠴᠣᠭᠴᠠᠯᠠᠬᠤ ᠪᠣᠯᠪᠠᠰᠤᠷᠠᠯ ᠤᠨ ᠠᠵᠢᠯ ᠢ ᠦᠷᠭᠦᠯᠵᠢᠯᠡᠨ ᠥᠷᠨᠢᠭᠦᠯᠪᠡ᠃    ᠰᠤᠷᠪᠤᠯᠵᠢᠯᠠᠨ ᠶᠠᠷᠢᠯᠴᠠᠬᠤ ᠠᠭᠤᠯᠭ᠎ᠠ᠄    【 ᠰᠤᠷᠪᠤᠯᠵᠢᠯᠠᠭᠴᠢ 】 ᠶᠣᠤ ᠲᠤᠪᠴᠢᠶᠠᠨ ᠲᠠᠷᠤᠭ᠎ᠠ ᠡ᠂ ᠰᠠᠶᠢᠨ ᠤᠤ︖ ᠲᠠ ᠮᠠᠨ ᠤ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠲᠦᠢᠮᠣ ᠪᠠᠶᠢᠳᠠᠯ ᠢ ᠲᠠᠨᠢᠯᠴᠠᠭᠤᠯᠤᠭᠠᠷᠠᠢ᠃    【 ᠶᠣᠣ ᠪᠢᠨ 】 ᠱᠠᠩᠳᠤ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠳᠠᠩᠰᠠᠯᠠᠵᠤ ᠺᠠᠷᠳ᠋ᠯᠠᠭᠰᠠᠨ ᠨᠡᠶᠢᠲᠡ 6198 ᠬᠥᠮᠦᠨ ᠪᠠᠶᠢᠨ᠎ᠠ᠃ ᠮᠠᠨ ᠤ ᠰᠢᠶᠠᠨ ᠠᠰᠠᠷᠠᠨ ᠬᠠᠷᠠᠭᠠᠯᠵᠠᠬᠤ ᠨᠥᠬᠦᠪᠥᠷᠢ ᠭᠥᠷᠳᠡᠵᠦ ᠪᠠᠶᠢᠭ᠎ᠠ ᠡᠯ᠎ᠡ ᠲᠥᠷᠥᠯ ᠤᠨ ᠠᠰᠠᠷᠠᠨ ᠬᠠᠷᠠᠭᠠᠯᠵᠠᠬᠤ ᠡᠲᠡᠭᠡᠳ 1671 ᠬᠥᠮᠦᠨ ᠪᠠᠶᠢᠵᠤ᠂ ᠡᠭᠦᠨ ᠳᠤ 367 ᠵᠡᠮᠳᠡᠭ ᠬᠥᠮᠦᠨ᠂ ᠭᠤᠷᠪᠠᠨ ᠬᠠᠷᠢᠶᠠᠲᠤ 25 ᠬᠥᠮᠦᠨ᠂ ᠰᠢᠶᠠᠩ ᠳᠤ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ 11 ᠬᠥᠮᠦᠨ᠂ ᠡᠪᠡᠳᠴᠢᠨ ᠢᠶᠠᠨ ᠳᠠᠭᠠᠭᠤᠯᠤᠨ ᠨᠤᠲᠤᠭ ᠲᠠᠭᠠᠨ ᠪᠤᠴᠠᠭᠰᠠᠨ ᠴᠡᠷᠢᠭ ᠠᠴᠠ ᠬᠠᠯᠠᠭᠳᠠᠭᠰᠠᠳ 166 ᠬᠥᠮᠦᠨ᠂ ᠴᠦᠮ᠎ᠡ ᠲᠠᠢ ᠬᠤᠯᠪᠣᠭᠳᠠᠭᠰᠠᠨ 11 ᠬᠥᠮᠦᠨ᠂ 60 ᠨᠠᠰᠤᠨ ᠠᠴᠠ ᠳᠡᠭᠡᠭᠰᠢᠬᠢ ᠬᠥᠳᠡᠭᠡ ᠲᠣᠰᠬᠤᠨ ᠤ ᠬᠠᠷᠢᠶ᠎ᠠ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ 1085 ᠬᠥᠮᠦᠨ ᠪᠠᠶᠢᠨ᠎ᠠ᠃    【 ᠰᠤᠷᠪᠤᠯᠵᠢᠯᠠᠭᠴᠢ 】 ᠡᠨᠡ ᠵᠢᠯ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠷᠬᠢᠮ ᠲᠣᠪᠴᠢᠶ᠎ᠠ ᠴᠥᠮ ᠶᠠᠮᠠᠷ ᠴᠢᠷᠮᠠᠶᠢᠯᠭ᠎ᠠ ᠭᠠᠷᠭᠠᠭᠰᠠᠨ ᠪᠣᠶ︖    【 ᠶᠣᠣ ᠪᠢᠨ 】 ᠡᠨᠡ ᠵᠢᠯ ᠠᠴᠠ ᠨᠠᠰᠢ ᠴᠡᠷᠢᠭ ᠤᠨ ᠠᠯᠪᠠ ᠠᠴᠠ ᠬᠠᠯᠠᠭᠳᠠᠭᠰᠠᠨ ᠨᠡᠶᠢᠲᠡ 29 ᠪᠠᠶᠢᠯᠳᠤᠭᠴᠢ ᠶᠢ ᠬᠦᠯᠢᠶᠡᠨ ᠠᠪᠤᠪᠠ᠃ ᠲᠥᠷᠥ ᠶᠢᠨ ᠪᠣᠳᠣᠯᠭ᠎ᠠ ᠶᠣᠰᠣᠭᠠᠷ 2022 ᠣᠨ ᠳᠤ ᠳᠣᠯᠣᠭᠠᠨ ᠶᠡᠭᠡ ᠰᠤᠷᠭᠠᠭᠤᠯᠢ ᠶᠢᠨ ᠦᠨᠡᠮᠯᠡᠯ ᠲᠠᠢ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠲᠤ ᠨᠢᠭᠡᠳᠦᠯᠲᠡᠶ ᠰᠢᠯᠭᠠᠯᠲᠠ ᠬᠢᠵᠦ᠂ ᠬᠢᠷᠢ ᠪᠦᠲᠦᠮᠵᠢ ᠶᠢᠨ ᠨᠡᠷᠡᠰ ᠤᠨ ᠶᠣᠰᠣᠭᠠᠷ 4 ᠬᠥᠮᠦᠨ ᠢ ᠡᠯᠰᠡᠨ ᠬᠡᠷᠡᠭᠯᠡᠵᠦ ᠰᠤᠯᠠ ᠣᠷᠣᠨ ᠲᠤᠭ᠎ᠠ ᠲᠠᠢ ᠠᠵᠢᠯ ᠦᠢᠯᠡᠰ ᠤᠨ ᠨᠢᠭᠡᠴᠡ ᠳᠤ ᠣᠴᠢᠭᠤᠯᠵᠤ᠂ ᠵᠠᠰᠠᠭ ᠤᠨ ᠣᠷᠳᠣᠨ ᠤ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ 12 ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ ᠶᠢ ᠵᠣᠬᠢᠶᠠᠨ ᠪᠠᠶᠢᠭᠤᠯᠤᠨ ᠵᠣᠬᠢᠴᠠᠬᠤ ᠴᠢᠨᠠᠷᠲᠠᠶ ᠪᠣᠯᠪᠠᠰᠤᠷᠠᠭᠤᠯᠤᠯ ᠳᠤ ᠣᠷᠣᠯᠴᠠᠭᠤᠯᠬᠤ ᠶᠢᠨ ᠬᠠᠮᠲᠤ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠵᠤ᠂ ᠲᠡᠳᠡᠨ ᠢ ᠬᠠᠪᠰᠤᠷᠤᠨ ᠣᠷᠣᠨ ᠨᠤᠲᠤᠭ ᠤᠨ ᠠᠵᠢᠯ ᠤᠨ ᠪᠠᠶᠢᠷᠢ ᠳᠤ ᠣᠴᠢᠭᠤᠯᠤᠨ ᠬᠤᠪᠢᠷᠠᠭᠤᠯᠬᠤ ᠶᠢ ᠤᠷᠤᠭᠰᠢᠲᠠᠶ ᠪᠡᠶᠡᠯᠡᠭᠦᠯᠵᠦ᠂ ᠳᠡᠭᠡᠷ᠎ᠡ ᠬᠠᠭᠠᠰ ᠵᠢᠯ ᠳᠤ ᠬᠤᠪᠢ ᠬᠥᠮᠦᠨ ᠢ ᠵᠣᠬᠢᠶᠠᠨ ᠪᠠᠶᠢᠭᠤᠯᠤᠨ 20 ᠤᠳᠠᠭ᠎ᠠ ᠪᠣᠯᠪᠠᠰᠤᠷᠠᠭᠤᠯᠵᠤ᠂ ᠵᠢᠯᠣᠭᠤᠴᠢ ᠥᠬᠡᠶ ᠨᠢᠰᠬᠡᠯ ᠤᠨ ᠮᠡᠷᠭᠡᠵᠢᠯ᠂ ᠭᠠᠯ ᠤᠨᠲᠠᠷᠠᠭᠠᠬᠤ ᠪᠡᠯᠡᠳᠬᠡᠮᠵᠢ ᠶᠢᠨ ᠠᠵᠢᠯᠯᠠᠭᠠᠨ ᠂ ᠰᠢᠨ᠎ᠡ ᠵᠠᠭᠤᠴᠢᠯᠠᠭᠤᠷ ᠤᠨ ᠮᠡᠷᠭᠡᠵᠢᠯ ᠵᠡᠷᠭᠡ ᠶᠢ ᠪᠣᠯᠪᠠᠰᠤᠷᠠᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢᠳ ᠢ ᠨᠢᠭᠡ ᠵᠦᠢᠯ ᠤᠨ ᠮᠡᠷᠭᠡᠵᠢᠯ ᠡᠵᠡᠮᠰᠢᠭᠦᠯᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠨᠢ ᠨᠡᠮᠡᠭᠳᠡᠭᠦᠯᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ︾᠂ ︽ᠬᠠᠪᠤᠷ ᠤᠨ ᠰᠠᠯᠬᠢᠨ ᠤ ᠠᠵᠢᠯᠯᠠᠭ᠎ᠠ︾ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯᠲᠠᠨ ᠡᠯᠰᠡᠬᠦ ᠬᠤᠷᠠᠯ ᠢ ᠡᠷᠭᠢᠯᠡᠵᠦ᠂ ᠨᠠᠩ ᠣᠯᠠᠨ ᠠᠵᠢᠯ ᠤᠯᠬᠤ ᠲᠣᠬᠢᠶᠠᠯ ᠬᠠᠩᠭᠠᠪᠠ᠃ᠣᠷᠴᠢᠭᠤᠯᠤᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2