ᠱᠠᠩᠳᠤ ᠰᠢᠶᠠᠨ ᠰᠢᠶᠤᠤ ᠬᠠᠢ ᠽᠢ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/8/9
       8 ᠰᠠᠷ᠎ᠠ ᠶᠢᠨ 6 ᠤ ᠡᠳᠦᠷ᠂ ᠱᠠᠩᠳᠤ ᠰᠢᠶᠠᠨ ᠰᠢᠶᠤᠤ ᠬᠠᠢ ᠽᠢ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠢᠦᠶ ᠬᠠᠶ ᠴᠧᠩ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠵᠢᠴᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ ᠠᠵᠢᠯᠯᠠᠭ᠎ᠠ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃        ᠢᠦᠶ ᠬᠠᠢ ᠴᠧᠩ ᠤᠷᠢᠳ ᠬᠤᠵᠢᠳ ᠪᠦᠳᠦᠭᠦᠨ ᠭᠤᠤᠯ ᠤᠨ ᠤᠰᠤ ᠴᠡᠪᠡᠷᠰᠢᠭᠦᠯᠬᠦ ᠦᠢᠯᠡᠳᠪᠦᠷᠢ᠂ ᠥᠪᠥᠷ ᠮᠣᠩᠭᠤᠯ ᠤᠨ ᠱᠧᠩ ᠴᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠤᠰᠤᠨ ᠤ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ᠂ ᠤᠰᠤᠨ ᠤ ᠴᠢᠨᠠᠷ ᠤᠨ ᠪᠠᠶᠢᠴᠠᠭᠠᠯᠲᠠ᠂ ᠤᠰᠤ ᠬᠠᠩᠭᠠᠬᠤ ᠪᠠᠲᠤᠯᠠᠭ᠎ᠠ ᠪᠠ ᠤᠰᠤ ᠴᠡᠪᠡᠷᠰᠢᠭᠦᠯᠬᠦ ᠲᠥᠬᠦᠭᠡᠷᠦᠮᠵᠢ ᠶᠢᠨ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠳᠠᠷᠠᠭ᠎ᠠ ᠨᠢ ᠰᠢᠶᠣᠤ ᠬᠠᠢ ᠽᠢ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃         ᠡᠬᠢᠯᠡᠯᠲᠡ ᠶᠢᠨ ᠶᠣᠰᠣᠯᠠᠯ ᠳᠡᠭᠡᠷ᠎ᠡ᠂ ᠶᠠᠩ ᠸᠧᠨ ᠾᠦᠢ᠂ ᠣᠶᠢᠷ᠎ᠠ ᠶᠢᠨ ᠵᠢᠯ ᠤᠨ ᠲᠤᠷᠰᠢ ᠱᠠᠩᠳᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠪᠣᠯᠤᠨ ᠲᠤᠬᠢᠷᠠᠭᠤᠯᠤᠯᠳᠠ ᠪᠠᠶᠢᠷᠢᠯᠠᠭᠤᠯᠤᠯᠲᠠ ᠳᠣᠣᠷ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠰᠠᠭᠤᠳᠠᠯ ᠢ ᠰᠢᠢᠳᠪᠦᠷᠢᠯᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠤ ᠰᠤᠷᠭᠠᠨ ᠬᠥᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠢᠯᠴᠢ ᠬᠠᠩᠭᠠᠬᠤ᠂ ᠤᠰᠤ ᠬᠠᠩᠭᠠᠬᠤ ᠵᠡᠷᠭᠡ ᠨᠢᠭᠡ ᠪᠦᠯᠦᠭ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠡᠨᠡ ᠤᠳᠠᠭᠠᠨ ᠤ ᠰᠢᠶᠣᠤ ᠬᠠᠢ ᠽᠢ ᠶᠢᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠠᠵᠢᠯᠯᠠᠭᠠᠨ ᠡᠬᠢᠯᠡᠵᠦ᠂ ᠪᠦᠬᠦ ᠰᠢᠶᠠᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠬᠦᠷᠢᠶᠡᠯᠡᠩ ᠲᠣᠭᠤᠷᠢᠭ ᠪᠣᠯᠤᠨ ᠰᠢᠶᠠᠩ ᠪᠠᠯᠭᠠᠰᠤ ᠲᠡᠰᠢ ᠤᠷᠲᠤᠳᠬᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠬᠤᠲᠠ ᠶᠢᠨ ᠤᠤᠭᠤᠬᠤ ᠤᠰᠤᠨ ᠤ ᠠᠮᠤᠷ ᠲᠦᠪᠰᠢᠨ ᠳᠤ ᠢᠳᠡᠪᠬᠢᠲᠡᠢ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠬᠦ ᠪᠣᠯᠤᠨ᠎ᠠ᠃        ᠢᠦᠶ ᠬᠠᠶ ᠴᠧᠩ ᠠᠵᠢᠯᠯᠠᠭ᠎ᠠ ᠳᠤᠮᠳᠠ ᠪᠠᠨ ᠵᠢᠭᠠᠵᠤ ᠭᠠᠷᠭᠠᠭᠰᠠᠨ ᠨᠢ᠂ ᠤᠤᠭᠤᠬᠤ ᠤᠰᠤᠨ ᠤ ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠴᠢᠬᠤᠯᠠ ᠪᠣᠳᠠᠲᠤ ᠶᠠᠪᠤᠳᠠᠯ ᠤᠨ ᠢᠨᠵᠧᠨᠧᠷᠢᠩ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠴᠢᠬᠤᠯᠠ ᠭᠠᠷᠳᠠᠴᠠ ᠮᠥᠨ᠂ ᠬᠥᠳᠡᠭᠡ ᠲᠣᠰᠬᠤᠨ ᠤ ᠦᠨᠳᠦᠰᠦᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠤᠰᠢᠭᠤ ᠰᠢᠶᠠᠨ ᠬᠤᠲᠠ ᠲᠣᠭᠤᠷᠢᠭ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠣᠯᠠᠨ ᠲᠦᠮᠡᠨ ᠤ ᠲᠤᠰᠬᠠᠭᠰᠠᠨ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ᠣᠷᠴᠢᠭᠤᠯᠤᠭᠴᠢ᠄ ᠬᠠᠨᠠᠭᠠᠷ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2