ᠨᠢᠭᠡ᠂ ᠲᠣᠭᠲᠠᠭᠠᠭᠰᠠᠨ ᠠᠬᠤᠶ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ | ᠳᠤᠯᠠᠭᠠᠯᠠᠭ᠎ᠠ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠲᠥᠰᠦᠯ︾ ᠳᠤ 2023 ᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠵᠢᠯ ᠤᠨ ᠭᠤᠤᠯ | ᠡᠭᠦᠷᠭᠡ ᠶᠢ ᠲᠣᠳᠣᠷᠬᠠᠶᠢᠯᠠᠪᠠ᠂ ᠲᠤᠬᠠᠶᠢᠯᠠᠪᠠᠯ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠡᠭᠦᠷᠭᠡ᠂ | ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠡᠭᠦᠷᠭᠡ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ | ᠰᠢᠲᠠᠭᠠᠬᠤ ᠶᠢ ᠵᠠᠰᠠᠬᠤ ᠡᠭᠦᠷᠭᠡ ᠵᠡᠷᠭᠡ ᠪᠣᠯᠤᠨ᠎ᠠ᠃ ᠠᠵᠢᠯ ᠤᠨ ᠭᠤᠤᠯ ᠪᠣᠯᠬᠤ ᠥᠭᠡᠷᠡᠴᠢᠯᠡᠬᠦ ᠡᠲᠡᠭᠡᠳ ᠨᠢ ᠰᠢᠶᠠᠩ | ᠪᠠᠯᠭᠠᠰᠤᠨ ᠤ ᠣᠯᠠᠨ ᠨᠡᠶᠢᠲᠡ ᠶᠢᠨ ᠪᠠᠷᠢᠯᠭ᠎ᠠ᠂ ᠲᠣᠰᠬᠤᠨ ᠤ ᠳᠣᠲᠣᠷᠠᠬᠢ ᠨᠡᠭᠦᠷᠡᠰᠦ ᠶᠢ ᠴᠠᠬᠢᠯᠭᠠᠨ ᠪᠣᠯᠭᠠᠨ | ᠥᠭᠡᠷᠡᠴᠢᠯᠡᠬᠦ ᠶᠢ ᠬᠡᠷᠡᠭᠵᠢᠭᠦᠯᠦᠭᠰᠡᠨ ᠦᠭᠡᠢ ᠬᠥᠳᠡᠭᠡ ᠲᠣᠰᠬᠤᠨ ᠤ ᠳᠤᠯᠠᠭᠠᠯᠠᠭ᠎ᠠ ᠶᠢᠨ ᠬᠤᠭᠤᠴᠠᠭᠠᠨ ᠤ ᠪᠠᠶᠢᠩᠭᠤ | ᠰᠠᠭᠤᠭ᠎ᠠ ᠡᠷᠦᠬᠡ ᠪᠣᠯᠤᠨ᠎ᠠ᠃ ᠪᠢᠴᠢᠭ ᠮᠠᠲ᠋ᠧᠷᠢᠶᠠᠯ ᠳᠤ ᠴᠦ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ | ᠵᠠᠰᠠᠬᠤ ᠲᠥᠬᠦᠭᠡᠷᠦᠮᠵᠢ᠂ ᠬᠤᠳᠠᠯᠳᠤᠨ ᠠᠪᠬᠤ᠂ ᠳᠠᠩᠰᠠ ᠡᠪᠬᠡᠮᠡᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃ | ᠡᠭᠦᠨ ᠤ ᠬᠠᠮᠲᠤ ᠲᠥᠷᠥᠯ ᠵᠦᠢᠯ ᠢ ᠬᠡᠷᠡᠭᠵᠢᠭᠦᠯᠬᠦ᠂ ᠪᠠᠯᠠ ᠮᠥᠩᠭᠦ ᠴᠤᠭᠯᠠᠭᠤᠯᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠲᠠᠯ᠎ᠠ ᠪᠠᠷ ᠨᠠᠷᠢᠨ ᠲᠣᠳᠣᠷᠬᠠᠶᠢᠯᠠᠯᠲᠠ ᠬᠢᠪᠠ᠃ | ᠭᠤᠷᠪᠠ᠂ ᠬᠡᠷᠡᠭᠵᠢᠭᠦᠯᠬᠦ ᠠᠴᠢ ᠬᠤᠯᠪᠣᠭᠳᠠᠯ | ︽ᠲᠥᠰᠦᠯ︾ ᠢ ᠬᠡᠷᠡᠭᠵᠢᠭᠦᠯᠬᠦ ᠨᠢ ᠪᠣᠬᠢᠷᠲᠤᠯ ᠥᠬᠡᠶ᠂ ᠠᠷᠪᠢᠲᠠᠶ᠂ ᠥᠨᠳᠥᠷ ᠪᠦᠲᠦᠮᠵᠢᠲᠡᠶ᠂ ᠵᠣᠬᠢᠴᠠᠩᠭᠤᠶ᠂ | ᠲᠣᠬᠢᠷᠠᠮᠵᠢᠲᠠᠶ ᠴᠡᠪᠡᠷ ᠳᠤᠯᠠᠭᠠᠯᠠᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠮᠠᠨ ᠤ ᠰᠢᠶᠠᠨ ᠤ ᠴᠡᠪᠡᠷ | ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ᠪᠣᠬᠢᠷᠲᠤᠯ ᠢ ᠪᠠᠭᠠᠰᠬᠠᠵᠤ | ᠨᠡᠭᠦᠷᠡᠰᠦ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠪᠦᠯ ᠤᠨ | ᠤᠯᠠᠷᠢᠯ ᠤᠨ ᠴᠡᠪᠡᠷ ᠳᠤᠯᠠᠭᠠᠯᠠᠭ᠎ᠠ ᠶᠢ ᠪᠡᠶᠡᠯᠡᠭᠦᠯᠬᠦ ᠳᠤ ᠠᠰᠢᠭᠲᠠᠶ ᠶᠤᠮ᠃ | ᠳᠥᠷᠪᠡ᠂ ᠬᠠᠮᠢᠶ᠎ᠠ ᠪᠥᠬᠦᠶ ᠯᠠᠪᠯᠠᠯᠲᠠ ᠶᠢᠨ ᠪᠢᠴᠢᠭ ᠮᠠᠲ᠋ᠧᠷᠢᠶᠠᠯ | ᠬᠤᠲᠠ ᠪᠠᠯᠭᠠᠰᠤ ᠪᠠ ᠬᠥᠳᠡᠭᠡ ᠲᠣᠰᠬᠤᠨ ᠤ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠨᠢ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠲᠣᠭᠲᠠᠭᠠᠯ ᠤᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠂ ᠪᠣᠳᠠᠲᠠᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠨᠢ ᠳᠣᠤᠷᠠᠬᠢ ᠮᠡᠲᠦ᠄ | ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵ | GB50189-2015 ᠣᠨ︶︔ | ︽ᠬᠠᠬᠢᠷ ᠬᠦᠢᠲᠡᠨ ᠪᠠ ᠬᠠᠬᠢᠷ ᠬᠦᠢᠲᠡᠨ ᠭᠠᠵᠠᠷ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵JGJ26-2018︶︔ | ︽ᠬᠥᠳᠡᠭᠡ ᠲᠣᠰᠬᠤᠨ ᠤ ᠣᠷᠣᠰᠢᠨ ᠰᠠᠭᠤᠬᠤ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ | ᠪᠠᠷᠢᠮᠵᠢᠶ᠎ᠠ︾ GB/T50824-2013︶ | ︽ᠤᠯᠠᠭᠠᠨᠴᠠᠪ ᠬᠤᠲᠠ ᠶᠢᠨ ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠨᠢ | ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠳᠡᠯᠭᠡᠷᠡᠭᠦᠯᠬᠦ ᠠᠵᠢᠯ ᠤᠨ ᠲᠤᠬᠠᠶ | ᠮᠡᠳᠡᠭᠳᠡᠯ︾ ︵ᠤᠯᠠᠭᠠᠨᠴᠠᠪ ᠬᠡᠷᠡᠮ ᠥᠰᠥᠭ ﹇2019﹈ 1 ᠳ᠋ᠦ᠋ᠭᠡᠷ ᠲᠣᠭᠠᠲᠤ︶︔ | ︽ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ︵ᠤᠯᠠᠭᠠᠨᠴᠠᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠰᠢᠨᠵᠢᠯᠡᠬᠦ ᠤᠬᠠᠭᠠᠨ ᠦᠰᠦᠭ ︵︹2019︺ 12 ᠳ᠋ᠤᠭᠠᠷ ᠲᠣᠭᠠᠲᠤ︶︔ | ︽ᠤᠯᠠᠭᠠᠨᠴᠠᠪ ᠬᠤᠲᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠴᠢ ᠪᠣᠬᠢᠷᠲᠤᠯ ᠥᠬᠡᠶ ᠪᠠᠷᠢᠯᠭ᠎ᠠ ᠶᠢᠨ | ᠬᠥᠭᠵᠢᠯᠲᠡ ᠶᠢ ᠠᠬᠢᠭᠤᠯᠬᠤ ᠬᠠᠮᠢᠶᠠᠷᠤᠯᠲᠠ ᠶᠢᠨ ᠠᠷᠭ᠎ᠠ︾︔ | ︽ᠤᠯᠠᠭᠠᠨᠴᠠᠪ ᠬᠤᠲᠠ ᠶᠢᠨ ᠪᠣᠬᠢᠷᠲᠤᠯ ᠥᠬᠡᠶ ᠪᠠᠷᠢᠯᠭ᠎ᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ | ᠤᠯᠠᠭᠠᠨᠴᠠᠪ ᠵᠠᠰᠠᠭ ᠠᠯᠪᠠᠨ ᠥᠰᠥᠭ ︹2014︺ 65 ᠳ᠋ᠤᠭᠠᠷ ᠲᠣᠭᠠᠲᠤ︶︔ | ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠦᠭᠡᠶ ᠪᠠᠷᠢᠯᠭ᠎ᠠ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠬᠡᠷᠡᠭᠵᠢᠭᠦᠯᠬᠦ ᠲᠥᠰᠦᠯ︾ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ |