ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠱᠠᠩᠳᠤ ᠰᠢᠶᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/9/7
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠤᠷ᠎ᠠ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠯ᠂ ᠬᠢᠯᠢ ᠬᠢᠵᠠᠭᠠᠷ ᠤᠨ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠱᠠᠩᠳᠤ ᠰᠢᠶᠠᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    ᠰᠤᠷᠪᠤᠯᠵᠢᠯᠠᠨ ᠶᠠᠷᠢᠯᠴᠠᠬᠤ ᠠᠭᠤᠯᠭ᠎ᠠ᠄    【 ᠰᠤᠷᠪᠤᠯᠵᠢᠯᠠᠭᠴᠢ 】 ᠭᠤᠤ ᠡᠷᠭᠢᠯᠡᠭᠴᠢ ᠡ᠂ ᠰᠠᠶᠢᠨ ᠤᠤ︖ ᠲᠠ ᠮᠠᠨ ᠤ ᠰᠢᠶᠠᠨ ᠤ ᠦᠨᠳᠦᠰᠦᠲᠡᠨ ᠤ ᠲᠦᠢᠮᠣ ᠪᠠᠶᠢᠳᠠᠯ ᠢ ᠲᠠᠨᠢᠯᠴᠠᠭᠤᠯᠤᠭᠠᠷᠠᠢ᠃    【 ᠭᠤᠤ ᠡᠾᠧ 】 ᠱᠠᠩᠳᠤ ᠰᠢᠶᠠᠨ ᠤ ᠬᠠᠷᠢᠶ᠎ᠠ ᠣᠷᠣᠨ ᠳᠤ ᠨᠡᠶᠢᠲᠡ 28 ᠦᠨᠳᠦᠰᠦᠲᠡᠨ ᠪᠠᠶᠢᠵᠤ᠂ 32 ᠲᠦᠮᠡᠨ ᠬᠥᠮᠦᠨ ᠠᠮᠠ ᠲᠠᠢ᠃ ᠬᠢᠲᠠᠳ ᠦᠨᠳᠦᠰᠦᠲᠡᠨ 31 ᠲᠦᠮᠡᠨ ᠬᠥᠮᠦᠨ᠂ 27 ᠴᠥᠭᠡᠨ ᠲᠣᠭᠠᠲᠤ ᠦᠨᠳᠦᠰᠦᠲᠡᠨ 6 083 ᠬᠥᠮᠦᠨ᠂ ᠡᠭᠦᠨ ᠳᠤ ᠮᠣᠩᠭᠤᠯ ᠦᠨᠳᠦᠰᠦᠲᠡᠨ 5 043 ᠬᠥᠮᠦᠨ᠂ ᠬᠤᠲᠣᠩ ᠦᠨᠳᠦᠰᠦᠲᠡᠨ 358 ᠬᠥᠮᠦᠨ᠂ ᠮᠠᠨᠵᠤ ᠦᠨᠳᠦᠰᠦᠲᠡᠨ 476 ᠬᠥᠮᠦᠨ᠂ ᠪᠤᠰᠤᠳ ᠴᠥᠭᠡᠨ ᠲᠣᠭᠠᠲᠤ ᠦᠨᠳᠦᠰᠦᠲᠡᠨ 206 ᠬᠥᠮᠦᠨ ᠪᠠᠶᠢᠨ᠎ᠠ᠃ ᠲᠠᠷᠬᠠᠯᠲᠠ ᠶᠢᠨ ᠤᠨᠴᠠᠯᠢᠭ ᠨᠢ ᠬᠤᠯᠢᠯᠳᠤᠨ ᠰᠠᠭᠤᠵᠤ᠂ ᠪᠠᠭ᠎ᠠ ᠲᠦᠪᠯᠡᠷᠡᠨ ᠰᠠᠭᠤᠷᠢᠰᠢᠵᠤ᠂ ᠮᠤᠩᠭᠤᠯ ᠦᠨᠳᠤᠰᠤᠳᠡᠨ ᠭᠤᠤᠯᠳᠠᠭᠤ ᠱᠢ ᠪᠠ ᠴᠢᠩ ᠪᠠᠯᠭᠠᠰᠤᠨ ᠤ ᠰᠢᠶᠤᠤ ᠮᠢᠶᠤᠤᠽᠢ ᠭᠠᠴᠠᠭᠠᠨ ᠳᠤ ᠲᠦᠪᠯᠡᠷᠡᠵᠤ᠂ ᠬᠤᠳᠤᠩ ᠦᠨᠳᠤᠰᠤᠳᠡᠨ᠂ ᠮᠠᠨᠵᠦ ᠦᠨᠳᠤᠰᠤᠳᠡᠨ ᠭᠤᠤᠯᠳᠠᠭᠤ ᠴᠢ ᠲᠠᠢ ᠪᠠᠯᠭᠠᠰᠤᠨ ᠳᠤ ᠲᠥᠪᠯᠡᠷᠡᠵᠦ ᠪᠠᠶᠢᠳᠠᠭ᠃    【 ᠰᠤᠷᠪᠤᠯᠵᠢᠯᠠᠭᠴᠢ 】 ᠣᠳᠣ ᠪᠣᠯᠲᠠᠯ᠎ᠠ ᠮᠠᠨ ᠤ ᠰᠢᠶᠠᠨ ᠳᠤ ᠬᠡᠴᠢᠨᠡᠨ ᠵᠢᠱᠢᠶ᠎ᠡ ᠦᠵᠡᠭᠦᠯᠬᠦ ᠨᠢᠭᠡᠴᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠᠶᠢᠬᠤ ᠪᠤᠶ︖    【 ᠭᠤᠤ ᠡᠾᠧ 】 ᠣᠲᠣ ᠪᠣᠯᠲᠠᠯ᠎ᠠ᠂ ᠮᠠᠨ ᠤ ᠰᠢᠶᠠᠨ ᠳᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 1᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 2᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 34᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ 3᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ 4 ᠬᠥᠮᠦᠨ ᠪᠣᠶ᠃ 2021 ᠣᠨ ᠤ ᠮᠠᠨ ᠤ ᠰᠢᠶᠠᠨ ᠤ ᠱᠢ ᠪᠠ ᠴᠢᠩ ᠪᠠᠯᠭᠠᠰᠤᠨ ᠤ ᠰᠢᠶᠤᠤ ᠮᠢᠶᠣᠣ ᠽᠢ ᠭᠠᠴᠠᠭ᠎ᠠ ᠶᠢᠰᠦᠳᠦᠭᠡᠷ ᠪᠦᠯᠦᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠢᠷᠠᠭᠤ ᠠᠯᠳᠠᠷ ᠢ ᠬᠦᠷᠲᠡᠵᠦ᠂ ᠱᠠᠩᠳᠤ ᠰᠢᠶᠠᠨ ᠳᠣᠯᠣᠳᠤᠭᠠᠷ ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠤ ᠴᠣᠯᠠ ᠶᠢ ᠬᠦᠷᠲᠡᠪᠡ᠃    【 ᠰᠤᠷᠪᠤᠯᠵᠢᠯᠠᠭᠴᠢ 】᠄ 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠪᠣᠳᠠᠲᠠᠢ ᠪᠥᠭᠡᠳ ᠲᠦᠷᠦᠭᠳᠡᠯ ᠲᠠᠢ ᠪᠦᠲᠦᠮᠵᠢᠲᠡᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠡᠭᠡᠪᠡᠯ ᠲᠠ ᠡᠨᠡ ᠵᠢᠯ ᠤᠨ ᠪᠦᠬᠦ ᠰᠢᠶᠠᠨ ᠤ ᠦᠨᠳᠦᠰᠦᠲᠡᠨ ᠤ ᠠᠵᠢᠯ ᠳᠤ ᠶᠠᠮᠠᠷ ᠶᠠᠮᠠᠷ ᠲᠥᠯᠥᠪᠵᠢᠭᠦᠯᠭᠡ ᠲᠠᠢ ᠪᠤᠢ︖    【 ᠭᠤᠤ ᠡᠾᠧ 】᠄    ᠨᠢᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ    ᠨᠢᠭᠡ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠵᠢᠯ ᠪᠦᠷᠢ ᠶᠢᠨ 5 ᠰᠠᠷ᠎ᠠ ᠶᠢᠨ ᠪᠥᠬᠦ ᠰᠢᠶᠠᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ 5 ᠰᠠᠷ᠎ᠠ ᠶᠢᠨ ᠬᠠᠮᠤᠭ ᠰᠡᠭᠦᠯᠴᠢ ᠶᠢᠨ ᠨᠢᠭᠡ ᠭᠠᠷᠠᠭ ᠤᠨ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠢᠶᠠᠷ ᠳᠠᠮᠵᠢᠭᠤᠯᠤᠨ᠂ ᠵᠢᠯ ᠪᠦᠷᠢ ᠶᠢᠨ 9 ᠰᠠᠷ᠎ᠠ ᠶᠢᠨ ᠪᠥᠬᠦ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠮᠤ ᠰᠢᠶᠠᠩ ᠪᠠᠯᠭᠠᠰᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠴᠡᠷᠢᠭ ᠠᠩᠭᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠲᠤ ᠣᠷᠣᠭᠤᠯᠬᠤ᠂ ᠰᠦᠯᠵᠢᠶᠡᠨ ᠳᠤ ᠣᠷᠣᠭᠤᠯᠬᠤ ᠵᠡᠷᠭᠡ ᠶᠢ ᠶᠡᠬᠡᠪᠡᠷ ᠲᠦᠯᠬᠢᠨ ᠠᠬᠢᠭᠤᠯᠤᠨ᠎ᠠ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠨᠠᠮ ᠤᠨ ᠭᠡᠰᠢᠭᠦᠨ ᠺᠠᠳ᠋ᠷᠴᠤᠳ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠣᠷᠣᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠰᠤᠳᠤᠯᠭᠠᠨ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠪᠣᠯ ᠤᠯᠤᠰ ᠲᠥᠷᠥ ᠶᠢᠨ ᠬᠠᠮᠲᠤ ᠶᠢᠨ ᠴᠣᠭᠴᠠ᠂ ᠠᠰᠢᠭ ᠲᠤᠰᠠ ᠶᠢᠨ ᠬᠠᠮᠲᠤ ᠶᠢᠨ ᠴᠣᠭᠴᠠ᠂ ᠰᠣᠶᠣᠯ ᠤᠨ ᠬᠠᠮᠲᠤ ᠶᠢᠨ ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠶ ᠲᠠᠨᠢᠭᠤᠯᠬᠤ ᠬᠡᠷᠡᠭᠲᠡᠢ᠃    ᠬᠤᠶᠠᠷ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ    ᠦᠨᠳᠦᠰᠦᠲᠡᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠣᠨᠣᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠤᠪᠢ ᠬᠥᠮᠦᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠶᠢᠨ ᠬᠠᠮᠲᠤ ᠨᠢᠭᠡᠨᠲᠡ ᠣᠯᠤᠭᠰᠠᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠰᠠᠶᠢᠲᠤᠷ ᠬᠡᠷᠡᠭᠯᠡᠵᠦ᠂ ᠥᠷᠭᠡᠨ ᠣᠯᠠᠨ ᠲᠦᠮᠡᠨ ᠳᠤ ᠡᠭᠦᠳᠦᠨ ᠪᠠᠶᠢᠭᠤᠯᠤᠭᠰᠠᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠶᠢᠨ ᠬᠠᠮᠲᠤ ᠡᠭᠦᠳᠦᠨ ᠪᠠᠶᠢᠭᠤᠯᠬᠤ ᠠᠵᠢᠯᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠢᠱᠢᠶ᠎ᠡ ᠦᠵᠡᠭᠦᠯᠬᠦ ᠨᠢᠭᠡᠴᠡ ᠶᠢᠨ ᠨᠡᠶᠢᠲᠡᠯᠢᠭ ᠵᠢᠱᠢᠶ᠎ᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠠᠵᠢᠯ ᠲᠥᠷᠥᠯ ᠤᠨ ᠡᠯ᠎ᠡ ᠬᠦᠷᠢᠶᠡᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠲᠠᠰᠤᠷᠠᠯᠲᠠ ᠥᠬᠡᠶ ᠴᠣᠯᠭᠤᠷᠠᠨ ᠭᠠᠷᠭᠠᠵᠤ᠂ ᠮᠠᠨ ᠤ ᠰᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠬᠦᠴᠦᠲᠡᠶ ᠳᠥᠯᠭᠢᠨ ᠠᠬᠢᠭᠤᠯᠤᠨ᠎ᠠ᠃    ᠭᠤᠷᠪᠠ᠂ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠴᠢᠶᠠᠯᠠᠪᠤᠷᠢ ᠶᠢ ᠥᠷᠭᠡᠳᠬᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠴᠢᠩᠭᠠᠳᠬᠠᠨ᠎ᠠ    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠶᠢ ᠣᠷᠣᠭᠤᠯᠬᠤ︾ ᠰᠠᠭᠤᠷᠢᠨ ᠳᠡᠭᠡᠷ᠎ᠡ᠂ ᠡᠭᠦᠳᠦᠨ ᠪᠠᠶᠢᠭᠤᠯᠬᠤ ᠠᠵᠢᠯ ᠢ ᠴᠣᠩᠬᠤᠪᠴᠢ ᠨᠢᠭᠡᠴᠡ᠂ ᠭᠤᠤᠯᠳᠠᠯᠭ᠎ᠠ ᠲᠠᠢ ᠠᠵᠢᠯ ᠲᠥᠷᠥᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠠᠮᠲᠤᠯᠢᠭ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠬᠠᠮᠲᠤᠯᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠂ ︽ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ ᠲᠥᠯᠥᠪᠯᠡᠭᠡ︾᠂ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ︾ ᠵᠡᠷᠭᠡ ᠭᠤᠷᠪᠠᠨ ᠵᠦᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃    ᠳᠥᠷᠪᠡ᠂ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠴᠢᠷᠮᠠᠶᠢᠨ ᠪᠠᠶᠢᠭᠤᠯᠤᠨ᠎ᠠ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠦᠵᠡᠭᠦᠯᠭᠡ ᠶᠢᠨ ᠣᠷᠳᠣᠨ᠂ ᠴᠡᠴᠡᠷᠯᠢᠭ᠂ ᠠᠭᠤᠳᠠᠮ ᠲᠠᠯᠠᠪᠠᠢ ᠵᠢᠴᠢ ᠤᠷᠳᠤ ᠬᠤᠩᠭᠢᠯ ᠵᠡᠷᠭᠡ ᠶᠢ ᠪᠠᠶᠢᠭᠤᠯᠬᠤ ᠶᠢ ᠠᠬᠢᠭᠤᠯᠤᠨ᠎ᠠ᠃ ᠨᠢᠭᠡ ᠳᠤ᠂ ︽ᠤᠰᠤᠨ ᠬᠤᠶᠢᠯᠠᠷᠠᠭ᠎ᠠ ᠴᠡᠴᠡᠷᠯᠢᠭ︾ ᠢ ᠵᠢᠱᠢᠶᠡᠴᠢ ᠬᠡᠷᠡᠭ ᠤᠨ ᠳᠡᠯᠭᠡᠨ ᠦᠵᠡᠭᠦᠯᠬᠦ᠂ ᠳᠤᠮᠳᠠᠳᠤ ᠶᠢᠨ ᠤᠯᠠᠮᠵᠢᠯᠠᠯᠲᠤ ᠰᠣᠶᠣᠯ᠂ ᠬᠤᠪᠢᠰᠬᠠᠯ ᠤᠨ ᠭᠤᠤᠯ ᠰᠡᠳᠦᠪᠲᠦ ᠬᠥᠮᠦᠵᠢᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠵᠡᠷᠭᠡ ᠣᠯᠠᠨ ᠡᠰᠢᠲᠦ ᠰᠣᠶᠣᠯ ᠢ ᠨᠢᠭᠡ ᠴᠣᠭᠴᠠᠵᠢᠭᠤᠯᠤᠭᠰᠠᠨ ᠭᠤᠤᠯ ᠰᠡᠳᠦᠪᠲᠦ ᠴᠡᠴᠡᠷᠯᠢᠭ ᠪᠣᠯᠭᠠᠨ ᠪᠠᠶᠢᠭᠤᠯᠵᠤ᠂ ᠪᠦᠳᠦᠭᠦᠨ ᠭᠤᠤᠯ ᠴᠡᠴᠡᠷᠯᠢᠭ᠂ ᠰᠠᠨ ᠳ᠋ᠠ ᠴᠢᠩ ᠰᠢᠶᠠᠩ ᠳᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠠᠭᠤᠳᠠᠮ ᠲᠠᠯᠠᠪᠠᠶ ᠪᠠᠶᠢᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠪᠡ᠃ ᠬᠤᠶᠠᠷ ᠲᠤ᠂ ᠰᠢᠶᠠᠨ ᠤ ᠮᠦᠽᠧᠶ ᠶᠢ ᠬᠤᠲᠠ ᠶᠢᠨ ᠱᠠᠲᠤᠨ ᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ︾᠂ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ︾ ᠪᠣᠯᠭᠠᠨ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠰᠢᠶᠠᠨ ᠤ ᠮᠦᠽᠧᠶ ︵ᠬᠤᠪᠢᠰᠬᠠᠯ ᠤᠨ ᠳᠤᠷᠠᠰᠤᠮᠵᠢ ᠶᠢᠨ ᠦᠵᠡᠭᠦᠯᠦᠯᠭᠡ ᠶᠢᠨ ᠲᠣᠭᠤᠷᠢᠭ︶᠂ ᠳᠣᠯᠣᠳᠤᠭᠠᠷ ᠲᠣᠭᠤᠷᠢᠭ ᠤᠨ ᠬᠤᠪᠢᠰᠬᠠᠯ ᠤᠨ ᠪᠠᠭᠤᠷᠢ᠂ ᠷᠤᠸᠠᠨ ᠵᠢᠶᠠ ᠲᠣᠰᠬᠤᠨ ᠤ ᠬᠤᠪᠢᠰᠬᠠᠯ ᠤᠨ ᠪᠠᠭᠤᠷᠢ᠂ ᠳ᠋ᠠ ᠰᠢ ᠭᠸᠤ ᠶᠢᠨ ᠬᠤᠪᠢᠰᠬᠠᠯ ᠤᠨ ᠪᠠᠭᠤᠷᠢ ᠵᠡᠷᠭᠡ ᠪᠠᠷ ᠭᠤᠣᠯ ᠰᠢᠵᠢᠮ ᠪᠣᠯᠭᠠᠭᠰᠠᠨ ᠬᠤᠪᠢᠰᠬᠠᠯ ᠤᠨ ᠰᠤᠳᠤᠯᠤᠨ ᠰᠤᠷᠤᠯᠴᠠᠬᠤ ᠵᠠᠮ ᠱᠤᠭᠤᠮ ᠢ ᠪᠠᠶᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠡᠮᠡᠴᠡᠯ ᠤᠨ ᠲᠡᠦᠬᠡ᠂ ᠦᠨᠳᠦᠰᠦᠲᠡᠨ ᠤ ᠰᠣᠶᠣᠯ ᠤᠨ ᠠᠭᠤᠰᠤᠯᠴᠠᠯ ᠤᠨ ᠲᠡᠦᠬᠡ ᠪᠠ ᠦᠨᠳᠦᠰᠦᠲᠡᠨ ᠤ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠡᠦᠬᠡ ᠶᠢ ᠠᠮᠢᠳᠤᠯᠢᠭ ᠢᠶᠠᠷ ᠢᠯᠡᠷᠡᠭᠦᠯᠵᠦ᠂ ᠥᠷᠭᠡᠨ ᠤᠯᠠᠨ ᠦᠨᠳᠦᠰᠦᠲᠡᠨ ᠤ ᠺᠠᠳ᠋ᠷ ᠤᠯᠠᠨ ᠲᠦᠮᠡᠨ ᠤ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠳᠤᠮᠳᠠᠳᠤ ᠶᠢᠨ ᠬᠥᠪᠡᠭᠦᠳ ᠥᠬᠢᠳ ᠤᠨ ᠳᠤᠮᠳᠠᠳᠤ ᠶᠢᠨ ᠰᠣᠶᠣᠯ ᠤᠨ ᠲᠤᠬᠠᠢ ᠬᠦᠴᠦᠷᠬᠡᠭ ᠶᠡᠭᠡ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠨᠢᠭᠲᠠᠷᠠᠭᠤᠯᠪᠠ᠃    ᠲᠠᠪᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ    ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠰᠤᠳᠤᠯᠭᠠᠨ ᠤ ᠰᠠᠭᠤᠷᠢᠨ ᠭᠠᠵᠠᠷ ᠢᠶᠠᠷ ᠲᠦᠰᠢᠭ ᠪᠣᠯᠭᠠᠵᠤ᠂ ᠰᠢᠯᠢᠳᠡᠭ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠵᠢᠴᠢ ᠦᠢᠯᠡᠳᠦᠯᠭᠡ ᠶᠢᠨ ᠲᠤᠷᠰᠢᠯᠭ᠎ᠠ ᠳᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠦᠷᠦ ᠶᠢᠨ ᠪᠤᠳᠤᠯᠭ᠎ᠠ᠂ ᠤᠨᠤᠯ ᠪᠠ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠦᠨ᠎ᠡ᠃ ᠨᠠᠮ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠬᠦᠷᠢᠶᠡᠨ ᠤ ᠯᠧᠺᠲ᠋ᠣᠷ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠲᠤᠰᠬᠠᠢ ᠰᠡᠳᠦᠪᠲᠦ ᠲᠠᠶᠢᠯᠤᠮᠵᠢ ᠵᠢᠴᠢ ᠦᠨᠳᠦᠰᠦᠲᠡᠨ ᠤ ᠠᠵᠢᠯ ᠢ ᠬᠡᠷᠬᠢᠨ ᠨᠡᠩ ᠰᠠᠶᠢᠲᠤᠷ ᠥᠷᠨᠢᠭᠦᠯᠬᠦ ᠲᠤᠬᠠᠢ ᠰᠤᠳᠤᠯᠤᠨ ᠶᠠᠷᠢᠯᠴᠠᠵᠤ᠂ ᠳᠠᠷᠠᠭᠠᠴᠢ ᠶᠢᠨ ᠠᠯᠬᠤᠮ ᠤᠨ ᠡᠭᠦᠳᠦᠨ ᠪᠠᠶᠢᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠡᠩ ᠨᠢᠭᠲᠠ ᠤᠯᠤᠯᠴᠠᠭ᠎ᠠ᠂ ᠰᠣᠯᠢᠯᠴᠠᠭ᠎ᠠ ᠶᠢ ᠠᠬᠢᠭᠤᠯᠬᠤ ᠬᠡᠷᠡᠭᠲᠡᠢ᠃ᠣᠷᠴᠢᠭᠤᠯᠤᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2