ᠴᠢ ᠲᠠᠢ ᠪᠠᠯᠭᠠᠰᠤ ᠶᠢᠨ ᠶᠢᠨ ᠰᠠᠨ ᠵᠢᠶᠣᠣ ᠨᠡᠶᠢᠭᠡᠮ ᠲᠣᠭᠤᠷᠢᠭ᠂ ᠳᠣᠯᠣᠳᠤᠭᠠᠷ ᠬᠡᠤᠬᠡᠳ ᠤᠨ ᠴᠡᠴᠡᠷᠯᠢᠭ ᠬᠠᠮᠲᠤᠷᠠᠨ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠭᠠᠷ ᠬᠤᠯᠪᠣᠨ ᠬᠠᠮᠲᠤᠪᠠᠷ ᠪᠠᠶᠢᠭᠤᠯᠵᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠨ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
 ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠲᠤᠰ ᠡᠳᠦᠷ᠂ ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ ᠠᠯᠲᠠᠨ ᠭᠤᠷᠪᠠᠯᠵᠢᠨ ᠨᠡᠶᠢᠭᠡᠮ ᠲᠣᠭᠤᠷᠢᠭ ᠪᠣᠯᠤᠨ ᠳᠣᠯᠣᠳᠤᠭᠠᠷ ᠬᠡᠤᠬᠡᠳ ᠤᠨ ᠴᠡᠴᠡᠷᠯᠢᠭ ᠬᠠᠮᠲᠤᠷᠠᠨ ᠨᠢᠭᠡᠨ ᠤᠳᠠᠭᠠᠨ ᠤ ᠡᠯᠪᠡᠭ ᠪᠠᠶᠠᠯᠢᠭ ᠠᠭᠤᠯᠭ᠎ᠠ ᠲᠠᠢ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠶᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠬᠡᠤᠬᠡᠳ ᠤᠨ ᠨᠠᠰᠤᠲᠠᠨ ᠢᠶᠠᠨ ᠬᠦᠨᠳᠦᠯᠡᠬᠦ ᠤᠬᠠᠮᠰᠠᠷ ᠢ ᠬᠥᠮᠦᠵᠢᠭᠦᠯᠵᠦ᠂ ᠨᠡᠶᠢᠭᠡᠮ ᠲᠣᠭᠤᠷᠢᠭ ᠬᠢᠭᠡᠳ ᠬᠡᠤᠬᠡᠳ ᠤᠨ ᠴᠡᠴᠡᠷᠯᠢᠭ ᠤᠨ ᠬᠠᠷᠢᠯᠴᠠᠭ᠎ᠠ ᠶᠢ ᠨᠡᠮᠡᠭᠳᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠪᠠᠶᠠᠷ ᠪᠠᠶᠠᠰᠤᠯ ᠪᠠ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ ᠶᠤᠮ᠃    ᠠᠵᠢᠯᠯᠠᠭ᠎ᠠ ᠶᠢᠨ ᠲᠤᠬᠠᠢ ᠶᠢᠨ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠪᠣᠯᠤᠨ ᠬᠡᠦᠬᠡᠳ ᠤᠨ ᠴᠡᠴᠡᠷᠯᠢᠭ ᠤᠨ ᠪᠠᠭᠰᠢ ᠨᠠᠷ ᠠᠯᠢ ᠡᠷᠲᠡ ᠪᠡᠯᠡᠳᠬᠡᠯ ᠠᠵᠢᠯ ᠢᠶᠠᠨ ᠡᠬᠢᠯᠡᠭᠦᠯᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢ ᠪᠠᠶᠢᠷᠢᠯᠠᠭᠤᠯᠵᠤ᠂ ᠠᠯᠢᠪᠠ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ ᠬᠥᠳᠡᠯᠭᠡᠭᠡᠨ ᠤ ᠠᠭᠤᠯᠭ᠎ᠠ ᠳᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠤᠯᠠᠮᠵᠢᠯᠠᠯᠲᠤ ᠵᠠᠩ ᠳᠠᠳᠬᠠᠯ ᠤᠨ ᠲᠠᠨᠢᠯᠴᠠᠭᠤᠯᠭ᠎ᠠ᠂ ᠵᠢᠱᠢᠶᠡᠯᠡᠪᠡᠯ᠂ ᠥᠨᠳᠥᠷ ᠲᠤ ᠭᠠᠷᠬᠤ᠂ ᠤᠳᠪᠠᠯ᠎ᠠ ᠴᠡᠴᠡᠭ ᠰᠣᠨᠢᠷᠬᠠᠬᠤ᠂ ᠲᠠᠷᠠᠨᠠᠢ ᠮᠣᠳᠣ ᠵᠡᠭᠦᠬᠦ ᠵᠡᠷᠭᠡ ᠵᠢᠴᠢ ᠨᠠᠰᠤᠲᠠᠶᠢᠴᠤᠳ ᠲᠤ ᠪᠡᠯᠡᠳᠬᠡᠭᠰᠡᠨ ᠶᠢᠰᠦᠨ ᠰᠠᠷ᠎ᠠ ᠶᠢᠨ ᠶᠢᠰᠦᠨ ᠤ ᠪᠣᠭᠤᠷᠰᠤᠭ ᠪᠠ ᠤᠳᠪᠠᠯᠠ ᠴᠡᠴᠡᠭ ᠤᠨ ᠴᠠᠢ ᠵᠡᠷᠭᠡ ᠪᠠᠭᠲᠠᠨ᠎ᠠ᠃    ᠡᠭᠦᠨ ᠤ ᠬᠠᠮᠲᠤ᠂ ᠬᠡᠦᠬᠡᠳ ᠤᠨ ᠴᠡᠴᠡᠷᠯᠢᠭ ᠤᠨ ᠪᠢᠴᠢᠬᠠᠨ ᠨᠠᠶᠢᠵᠠ ᠨᠠᠷ ᠡᠪᠦᠭᠡ ᠡᠮᠡᠭᠡ ᠳᠡᠭᠡᠨ ᠭᠤᠶᠢᠳᠠ ᠰᠠᠶᠢᠬᠠᠨ ᠲᠣᠭᠯᠠᠯᠲᠠ ᠭᠠᠷᠭᠠᠵᠠᠶ᠃ ᠬᠥᠭᠡᠷᠦᠬᠦᠨ ᠬᠦᠳᠡᠯᠭᠡᠭᠡᠨ ᠪᠣᠯᠤᠨ ᠢᠷᠠᠭᠤ ᠰᠠᠶᠢᠬᠠᠨ ᠳᠠᠭᠤᠤ ᠨᠢ ᠨᠠᠰᠤᠲᠠᠶᠢᠴᠤᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠵᠠᠶ᠃ ᠲᠤᠬᠠᠶ ᠶᠢᠨ ᠲᠠᠯᠠᠪᠠᠶ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠪᠢᠯᠬᠠᠭᠰᠠᠨ ᠪᠠᠶᠢᠨ᠎ᠠ᠃    ᠬᠡᠦᠬᠡᠳ ᠤᠨ ᠴᠡᠴᠡᠷᠯᠢᠭ ᠤᠨ ᠬᠡᠦᠬᠡᠳ ᠤᠳ ᠪᠠᠭᠰᠢ ᠶᠢᠨ ᠳᠠᠭᠠᠭᠤᠯᠭ᠎ᠠ ᠳᠣᠣᠷ᠎ᠠ᠂ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠬᠤᠯᠪᠣᠭᠳᠠᠯ ᠪᠦᠬᠦᠢ ᠮᠡᠳᠡᠯᠭᠡ ᠶᠢ ᠰᠤᠷᠤᠯᠴᠠᠭᠰᠠᠨ ᠪᠥᠭᠡᠳ ᠥᠪᠡᠷ ᠤᠨ ᠭᠠᠷ ᠢᠶᠠᠷ ᠢᠶᠠᠨ ᠪᠠᠶᠠᠷ ᠤᠨ ᠺᠠᠷᠲ ᠪᠠ ᠭᠠᠷ ᠤᠷᠠᠯᠠᠯ ᠤᠨ ᠪᠦᠲᠦᠭᠡᠭᠳᠡᠬᠦᠨ ᠢ ᠦᠢᠯᠡᠳᠴᠦ᠂ ᠪᠡᠯᠡᠭ ᠪᠣᠯᠭᠠᠨ ᠨᠡᠶᠢᠭᠡᠮ ᠲᠣᠭᠤᠷᠢᠭ ᠤᠨ ᠳᠠᠷᠤᠭ᠎ᠠ ᠨᠠᠷ ᠲᠤ ᠬᠦᠷᠭᠡᠪᠡ᠃ ᠠᠬᠠᠮᠠᠳ ᠬᠥᠮᠦᠰ ᠥᠪᠡᠷ ᠤᠨ ᠠᠮᠢᠳᠤᠷᠠᠯ ᠤᠨ ᠲᠤᠷᠰᠢᠯᠭ᠎ᠠ ᠪᠠ ᠣᠶᠤᠨ ᠤᠬᠠᠭᠠᠨ ᠢᠶᠠᠨ ᠬᠤᠪᠢᠶᠠᠯᠴᠠᠵᠤ᠂ ᠵᠠᠯᠠᠭᠤ ᠨᠢᠭᠡ ᠦᠶ᠎ᠡ ᠶᠢᠨ ᠬᠢᠨ ᠳᠤ ᠤᠯᠠᠮᠵᠢᠯᠠᠯᠲᠤ ᠰᠣᠶᠣᠯ ᠤᠨ ᠲᠠᠲᠠᠬᠤ ᠬᠦᠴᠦᠨ ᠪᠠ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃    ᠲᠣᠰ ᠤᠳᠠᠭᠠᠨ ᠤ ᠠᠵᠢᠯᠯᠠᠭ᠎ᠠ ᠨᠢ ᠬᠡᠤᠬᠡᠳ ᠤᠳ ᠲᠤ ᠨᠠᠰᠤᠲᠠᠨ ᠢᠶᠠᠨ ᠬᠦᠨᠳᠦᠯᠡᠬᠦ ᠴᠢᠬᠤᠯᠠ ᠠᠴᠢ ᠬᠤᠯᠪᠣᠭᠳᠠᠯ ᠢ ᠣᠶᠢᠯᠠᠭᠠᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠴᠤ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ ᠨᠡᠶᠢᠭᠡᠮ ᠲᠣᠭᠤᠷᠢᠭ ᠬᠢᠭᠡᠳ ᠬᠡᠦᠬᠡᠳ ᠤᠨ ᠴᠡᠴᠡᠷᠯᠢᠭ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠠᠯᠲᠠᠨ ᠭᠤᠷᠪᠠᠯᠵᠢᠨ ᠨᠡᠶᠢᠬᠡᠮ ᠲᠤᠭᠤᠷᠢᠭ ᠨᠢ ᠡᠲᠡᠬᠡᠷ ᠠᠵᠢᠯᠯᠠᠭ᠎ᠠ ᠶᠢ ᠦᠷᠭᠦᠯᠵᠢᠯᠠᠨ ᠡᠷᠭᠢᠯᠡᠵᠦ᠂ ᠬᠦᠷᠰᠢ ᠰᠠᠬᠠᠭᠠᠯᠲᠠ ᠶᠢᠨ ᠬᠠᠷᠢᠴᠠᠭ᠎ᠠ ᠶᠢ ᠨᠡᠮᠡᠭᠲᠡᠭᠦᠯᠵᠦ᠂ ᠨᠡᠶᠢᠬᠡᠮ ᠲᠤᠭᠤᠷᠢᠭ ᠤᠨ ᠡᠶ᠎ᠡ ᠵᠤᠭᠢᠴᠠᠯ ᠲᠠᠢ ᠬᠦᠭᠵᠢᠯᠲᠡ ᠶᠢ ᠠᠭᠢᠭᠤᠯᠤᠨ᠎ᠠ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2