2024 ᠣᠨ ᠳᠤ ᠱᠠᠩᠳᠤ ᠰᠢᠶᠠᠨ ᠤ ᠬᠢᠶᠠᠮᠠᠭ ᠡᠪᠡᠰᠦ ᠲᠠᠷᠢᠬᠤ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠶᠢᠨ ᠵᠠᠷᠯᠠᠯ
ᠨᠡᠶᠢᠲᠡᠯᠡᠭᠰᠡᠨ ᠴᠠᠭ᠄
2024/10/12
  2024 ᠣᠨ ᠳᠤ ᠱᠠᠩᠳᠤ ᠰᠢᠶᠠᠨ ᠤ ᠲᠡᠵᠢᠭᠡᠪᠦᠷᠢ ᠳᠤ ᠬᠡᠷᠡᠭᠯᠡᠬᠦ ᠨᠣᠬᠠᠶ ᠶᠢᠨ ᠬᠤᠰᠢᠭᠤ ᠶᠢᠨ ᠡᠪᠡᠰᠦ ᠲᠠᠷᠢᠬᠤ ᠳᠤ ᠨᠥᠬᠦᠪᠥᠷᠢ ᠥᠭᠴᠦ᠂ ᠱᠠᠩᠳᠤ ᠰᠢᠶᠠᠨ ᠤ ᠲᠡᠵᠢᠭᠡᠯ ᠡᠪᠡᠰᠦ ᠶᠢᠨ ᠰᠠᠭᠤᠷᠢᠨ ᠭᠠᠵᠠᠷ ᠢ ᠪᠠᠲᠤᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠳᠤ 263 ᠲᠦᠮᠡᠨ ᠲᠥᠭᠦᠷᠢᠭ ᠤᠨ ᠲᠤᠰᠬᠠᠶ ᠨᠥᠬᠦᠪᠥᠷᠢ ᠮᠥᠩᠭᠦ ᠪᠠᠭᠤᠯᠭᠠᠪᠠ᠃ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠨᠣᠬᠠᠶ ᠶᠢᠨ ᠬᠤᠰᠢᠭᠤ ᠶᠢᠨ ᠡᠪᠡᠰᠦ 4.8876 ᠲᠦᠮᠡᠨ ᠮᠦ᠂ ᠨᠥᠬᠦᠪᠥᠷᠢ ᠪᠡᠯᠡ ᠮᠥᠩᠭᠦ ᠨᠢ 488.76 ᠲᠦᠮᠡᠨ ᠲᠥᠭᠦᠷᠢᠭ ᠪᠣᠯᠤᠨ᠎ᠠ᠃ ︽ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ 2024 ᠣᠨ ᠤ ᠱᠠᠩᠳᠤ ᠰᠢᠶᠠᠨ ᠤ ᠬᠢᠶᠠᠮᠤᠭ ᠡᠪᠡᠰᠦ ᠶᠢᠨ ᠲᠠᠷᠢᠮᠠᠯ ᠤᠨ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠶᠢ ᠵᠠᠷᠯᠠᠨ ᠨᠡᠶᠢᠲᠡᠯᠡᠵᠦ᠂ ᠬᠤᠯᠪᠣᠭᠳᠠᠯ ᠪᠦᠬᠦᠢ ᠨᠢᠭᠡᠴᠢ ᠪᠠ ᠣᠯᠠᠨ ᠲᠦᠮᠡᠨ ᠬᠢᠨᠠᠯᠲᠠ ᠲᠠᠯᠪᠢᠬᠤ ᠪᠣᠯᠪᠠᠤ᠃    ᠵᠠᠷᠯᠠᠨ ᠨᠡᠶᠢᠲᠡᠯᠡᠬᠦ ᠬᠤᠭᠤᠴᠠᠭ᠎ᠠ᠄ 2024 ᠣᠨ ᠤ 10 ᠰᠠᠷ᠎ᠠ ᠶᠢᠨ 14 ᠤ ᠡᠳᠦᠷ - 2024 ᠣᠨ ᠤ 10 ᠰᠠᠷ᠎ᠠ ᠶᠢᠨ 18 ᠤ ᠡᠳᠦᠷ    ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠨᠢᠭᠡᠴᠢ ᠵᠢᠴᠢ ᠤᠲᠠᠰᠤ᠄    ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠤᠲᠠᠰᠤ 0474 - 6917946    ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳ᠋ᠢᠶᠠᠩᠬᠤᠸᠠ 0474 - 6917257
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2