ᠱᠠᠩᠳᠤ ᠰᠢᠶᠠᠨ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠯᠠ ᠠᠪᠠᠷᠢᠬᠤ ᠣᠷᠴᠢᠨ ᠲᠣᠭᠤᠷᠢᠨ ᠢ ᠬᠠᠮᠠᠭᠠᠯᠠᠬᠤ ᠠᠶᠠᠯᠠᠯ︾ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
    ᠠᠷᠪᠠᠨ ᠰᠠᠷ᠎ᠠ ᠶᠢᠨ ᠠᠯᠲᠠᠨ ᠴᠢᠯᠠᠭᠤᠨ ᠠᠭᠤᠯᠠ᠂ ᠨᠠᠮᠤᠷ ᠤᠨ ᠠᠭᠤᠷ ᠠᠮᠢᠰᠭᠤᠯ ᠴᠡᠯᠮᠡᠭ᠂ ᠠᠯᠲᠠ ᠪᠤᠯᠢᠶᠠᠬᠤ ᠴᠠᠭ ᠃ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠪᠦᠬᠦ ᠰᠢᠶᠠᠨ ᠤ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠬᠡᠷᠡᠭᠵᠢᠭᠦᠯᠵᠦ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠬᠦ ᠶᠢᠨ ᠲᠥᠯᠥᠭᠡ᠂ 10 ᠰᠠᠷ᠎ᠠ ᠶᠢᠨ 11 ᠤ ᠡᠳᠦᠷ᠂ ᠶᠠᠭ ᠶᠢᠰᠦ ᠶᠢᠰᠦ ᠶᠢᠨ ᠶᠢᠰᠦᠨ ᠰᠠᠷ᠎ᠠ ᠶᠢᠨ ᠶᠢᠰᠦᠨ ᠤ ᠪᠠᠶᠠᠷ ᠲᠣᠬᠢᠶᠠᠯᠳᠤᠪᠠᠯ᠂ ᠱᠠᠩᠳᠤ ᠰᠢᠶᠠᠨ ᠤ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠵᠤ ᠠᠭᠤᠯᠠ ᠠᠪᠠᠷᠢᠬᠤ ᠣᠷᠴᠢᠨ ᠲᠣᠭᠤᠷᠢᠨ ᠢ ᠬᠠᠮᠠᠭᠠᠯᠠᠬᠤ ᠠᠶᠠᠯᠠᠯ︾ ᠤᠨ ᠠᠵᠢᠯᠯᠠᠭ᠎ᠠ ᠥᠷᠨᠢᠭᠦᠯᠵᠡᠢ᠃ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠪᠣᠯᠤᠨ ᠰᠢᠶᠠᠨ ᠤ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠤᠷ᠂ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠲᠤ ᠬᠥᠮᠦᠰ ᠤᠨ ᠳᠠᠭᠤᠨ ᠱᠤᠤᠭᠢᠵᠤ᠂ ᠲᠤᠭ ᠨᠠᠮᠢᠷᠠᠵᠤ᠂ ᠪᠦᠬᠦ ᠰᠢᠶᠠᠨ ᠤ ᠡᠯ᠎ᠡ ᠪᠠᠶᠢᠭᠤᠯᠭ᠎ᠠ ᠨᠢᠭᠡᠴᠡ᠂ ᠨᠡᠶᠢᠭᠡᠮ ᠤᠨ ᠪᠦᠯᠬᠦᠮ ᠵᠢᠴᠢ ᠥᠷᠭᠡᠨ ᠤᠯᠠᠨ ᠬᠤᠳᠠ ᠶᠢᠨ ᠠᠷᠠᠳ ᠨᠡᠶᠢᠳᠡ ᠬᠡᠳᠦᠨ ᠮᠢᠩᠭᠠᠨ ᠬᠥᠮᠦᠨ ᠴᠤᠭᠯᠠᠷᠠᠵᠤ᠂ ᠡᠨᠡᠬᠦ ᠶᠡᠷᠦ ᠪᠤᠰᠤ ᠶᠢᠨ ᠠᠭᠤᠯᠠ ᠠᠪᠠᠷᠢᠬᠤ ᠠᠶᠠᠯᠠᠯ ᠳᠤ ᠬᠠᠮᠲᠤᠪᠠᠷ ᠣᠷᠣᠯᠴᠠᠪᠠ᠃ ᠠᠯᠲᠠᠨ ᠴᠢᠯᠠᠭᠤᠨ ᠠᠭᠤᠯᠠ ᠥᠪᠡᠷᠮᠢᠴᠡ ᠮᠥᠰᠥᠨ ᠭᠤᠣᠯ ᠤᠨ ᠴᠢᠯᠠᠭᠤᠨ ᠣᠢ ᠶᠢᠨ ᠦᠵᠡᠮᠵᠢ ᠪᠠᠷ ᠬᠤᠯᠠ ᠠᠴᠠ ᠠᠯᠳᠠᠷᠱᠢᠵᠠᠢ᠂ ᠨᠠᠮᠤᠷ ᠤᠨ ᠡᠳᠦᠷ ᠨᠡᠩ ᠴᠤ᠋ ᠳᠠᠪᠬᠤᠷᠭ᠎ᠠ ᠶᠢᠨ ᠣᠢ ᠪᠣᠯᠵᠤ᠂ ᠮᠠᠱᠢ ᠭᠤᠶᠣ᠂ ᠢᠯᠠᠬᠤ ᠪᠣᠯᠤᠯᠴᠠᠭ᠎ᠠ ᠦᠭᠡᠢ ᠪᠠᠢᠵᠤ᠂ ᠬᠥᠳᠡᠯᠭᠡᠭᠡᠨ ᠳᠤ ᠬᠡᠳᠦᠨ ᠬᠤᠪᠢ ᠱᠢᠯᠦᠭ ᠤᠨ ᠰᠠᠨᠠᠭ᠎ᠠ ᠪᠠ ᠵᠢᠷᠤᠭ ᠤᠨ ᠰᠠᠨᠠᠭ᠎ᠠ ᠨᠡᠮᠡᠭᠰᠡᠨ ᠪᠠᠢᠨ᠎ᠠ᠃    ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠵᠦ᠂ ᠠᠵᠢᠯᠯᠠᠭ᠎ᠠ ᠳᠤ ᠣᠷᠣᠯᠴᠠᠭᠰᠠᠨ ᠪᠦᠬᠦ ᠬᠥᠮᠦᠰ ︽ᠤᠯᠤᠰ ᠤᠨ ᠳᠠᠭᠤᠤ︾ ᠶᠢ ᠬᠢᠴᠢᠶᠡᠩᠭᠦ᠋ᠢᠯᠡᠨ ᠳᠠᠭᠤᠯᠠᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠶᠠ ᠳ᠋ᠦᠩ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠡᠷᠭᠢᠴᠡᠭᠦᠯᠪᠡ᠃    ᠣᠷᠣᠯᠴᠠᠭᠰᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠭᠤᠯᠠ ᠠᠪᠠᠷᠢᠬᠤ ᠵᠠᠮ ᠢᠶᠠᠷ ᠵᠠᠮᠨᠠᠨ᠂ ᠲᠡᠳᠡ ᠬᠤᠶᠠᠭᠤᠯᠠ ᠨᠢᠭᠡ ᠲᠠᠯ᠎ᠠ ᠪᠠᠷ ᠥᠷᠢᠰᠦᠯᠳᠦᠵᠦ᠂ ᠮᠤᠷᠤᠢ ᠰᠠᠷᠤᠢ ᠠᠭᠤᠯᠠᠨ ᠵᠠᠮ ᠢᠶᠠᠷ ᠵᠠᠮᠨᠠᠨ᠂ ᠨᠢᠭᠡ ᠲᠠᠯ᠎ᠠ ᠪᠠᠷ ᠨᠠᠮᠤᠷ ᠤᠨ ᠤᠯᠠᠷᠢᠯ ᠤᠨ ᠰᠠᠶᠢᠬᠠᠨ ᠦᠵᠡᠮᠵᠢ ᠶᠢ ᠰᠣᠨᠢᠷᠬᠠᠵᠤ᠂ ᠨᠥᠭᠦᠭᠡ ᠲᠠᠯ᠎ᠠ ᠪᠠᠷ ᠬᠥᠳᠡᠯᠭᠡᠭᠡᠨ ᠤ ᠠᠪᠴᠢᠷᠠᠭᠰᠠᠨ ᠪᠠᠶᠠᠷ ᠪᠠᠭ᠋ᠠᠳᠤᠯ ᠪᠠ ᠬᠠᠨᠤᠮᠵᠢ ᠶᠢ ᠡᠳ᠋ᠯᠡᠵᠦ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠳᠤ ᠪᠠᠰᠠ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠩᠬᠢ︾ ᠶᠢᠨ ᠴᠢᠬᠤᠯᠠ ᠴᠢᠨᠠᠷ ᠢ ᠣᠨᠴᠠᠭᠠᠶᠢᠯᠠᠨ ᠴᠢᠬᠤᠯᠠᠴᠢᠯᠠᠪᠠ᠃ ᠠᠭᠤᠯᠠ ᠠᠪᠠᠷᠢᠬᠤ ᠶᠠᠪᠤᠴᠠ ᠳᠤ᠂ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠴᠡᠭ ᠪᠠ ᠬᠤᠭ ᠨᠣᠪᠰᠢ ᠶᠢ ᠬᠤᠷᠢᠶᠠᠨ ᠠᠪᠬᠤ ᠣᠯᠠᠨ ᠥᠷᠲᠡᠭᠡ ᠭᠠᠷᠭᠠᠵᠤ᠂ ᠣᠯᠠᠨ ᠢᠶᠠᠷ ᠢᠶᠠᠨ ᠬᠤᠭ ᠨᠣᠪᠰᠢ ᠶᠢᠨ ᠤᠭᠤᠲᠠ ᠪᠠᠨ ᠠᠪᠴᠤ ᠶᠠᠪᠤᠬᠤ ᠶᠢ ᠵᠣᠷᠢᠭᠵᠢᠭᠤᠯᠵᠤ᠂ ᠵᠠᠮ ᠳᠠᠭᠠᠤ ᠶᠢᠨ ᠬᠤᠭ ᠨᠣᠪᠰᠢ ᠶᠢ ᠴᠡᠪᠡᠷᠯᠡᠨ ᠲᠡᠭᠦᠵᠦ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠶᠢᠨ ᠱᠢ ᠱᠠᠨ ᠮᠥᠨ ᠬᠦ ᠤᠤᠯ ᠤᠨ ᠴᠡᠪᠡᠷ ᠠᠷᠢᠭᠤᠨ ᠪᠠ ᠦᠵᠡᠰᠬᠦᠯᠡᠩᠲᠦ ᠰᠠᠶᠢᠬᠠᠨ ᠪᠠᠶᠢᠬᠤ ᠶᠢ ᠦᠨᠡᠨ ᠬᠦ ᠪᠠᠲᠤᠯᠠᠪᠠ᠃ ᠣᠷᠣᠯᠴᠠᠭᠴᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠷᠴᠢᠨ ᠲᠣᠭᠤᠷᠢᠨ ᠢ ᠬᠠᠮᠠᠭᠠᠯᠠᠬᠤ ᠣᠶᠢᠯᠠᠭᠠᠭᠳᠠᠬᠤᠨ ᠢ ᠲᠠᠶᠢᠯᠪᠤᠷᠢᠯᠠᠵᠤ᠂ ᠱᠠᠩᠳᠤ ᠰᠢᠶᠠᠨ ᠤ ᠠᠷᠠᠳ ᠲᠦᠮᠡᠨ ᠤ ᠰᠠᠶᠢᠨ ᠰᠠᠶᠢᠬᠠᠨ ᠪᠣᠯᠪᠠᠰᠤᠨ ᠬᠡᠪ ᠪᠣᠯᠪᠠᠰᠤᠷᠠᠯ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠢᠯᠡᠷᠡᠭᠦᠯᠪᠡ᠃
ᠣᠷᠴᠢᠭᠤᠯᠣᠭᠴᠢ᠄  ᠬᠠᠨᠠᠭᠠᠷ ᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2