ᠱᠠᠩᠳᠤ ᠰᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
    10 ᠰᠠᠷ᠎ᠠ ᠶᠢᠨ 11 ᠤ ᠡᠳᠦᠷ᠂ ᠱᠠᠩᠳᠤ ᠰᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠥᠷᠨᠢᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠠᠬᠠᠮᠠᠳ ᠺᠠᠳ᠋ᠷᠴᠤᠳ ᠲᠤ ᠨᠤᠲᠤᠭ ᠤᠰᠤᠨ ᠤ ᠪᠠᠨ ᠬᠤᠪᠢᠷᠠᠯᠲᠠ ᠶᠢ ᠮᠡᠳᠡᠷᠡᠭᠦᠯᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠠᠶᠠᠷ ᠬᠥᠷ ᠲᠠᠢ ᠥᠩᠭᠡᠷᠡᠭᠦᠯᠪᠡ᠃ ᠰᠢᠶᠠᠨ ᠤ ᠤᠳᠤᠷᠢᠳᠤᠯᠭ᠎ᠠ ᠯᠢ ᠶᠠ ᠳ᠋ᠦᠩ᠂ ᠰᠢᠶᠦ᠋ᠩ ᠸᠧᠢ᠂ ᠴᠧᠨ ᠶᠠ ᠮᠢᠩ ᠠᠵᠢᠯᠯᠠᠭ᠎ᠠ ᠳᠤ ᠣᠷᠣᠯᠴᠠᠪᠠ᠃    ᠠᠬᠠᠮᠠᠳ ᠺᠠᠳ᠋ᠷᠴᠤᠳ ᠤᠷᠢᠳ ᠬᠤᠵᠢᠳ ᠶᠢᠨ ᠱᠢ ᠱᠠᠨ ᠤ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠱᠠᠩᠳᠤ ᠶᠢᠨ ᠴᠠᠭᠠᠨᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠨᠠᠮ ᠤᠨ ᠪᠠᠶᠢᠭᠤᠯᠤᠯᠲᠠ ᠶᠢᠨ ᠦᠵᠡᠭᠦᠯᠭᠡ ᠶᠢᠨ ᠲᠢᠩᠬᠢᠮ᠂ ᠱᠠᠩᠳᠤ ᠰᠢᠶᠠᠨ ᠤ ᠤᠰᠤᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠳᠦᠭᠡᠨ ᠪᠠᠶᠢᠭᠤᠯᠤᠯᠲᠠ᠂ ᠨᠤᠭᠤ ᠭᠠᠵᠠᠷ ᠤᠨ ᠬᠠᠮᠠᠭᠠᠯᠠᠯᠲᠠ ᠪᠣᠯᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠢᠨ ᠱᠢ ᠱᠠᠨ ᠮᠥᠰᠥᠨ ᠭᠤᠣᠯ ᠤᠨ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠠᠬᠠᠮᠠᠳ ᠺᠠᠳ᠋ᠷᠴᠤᠳ ︽ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠯᠠ ᠠᠪᠠᠷᠢᠬᠤ ᠣᠷᠴᠢᠨ ᠲᠣᠭᠤᠷᠢᠨ ᠢ ᠬᠠᠮᠠᠭᠠᠯᠠᠬᠤ ᠠᠶᠠᠯᠠᠯ︾ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠰᠢᠶᠦ᠋ᠩ ᠸᠧᠢ 2024 ᠣᠨ ᠤ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ ᠠᠬᠠᠮᠠᠳ ᠺᠠᠳ᠋ᠷᠴᠤᠳ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠶᠢᠰᠢᠳᠠ ᠶᠢᠨ ᠠᠵᠢᠯ ᠤᠨ ᠲᠤᠬᠠᠢ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠴᠠᠢ᠃    ᠯᠢ ᠶᠠ ᠳ᠋ᠦᠩ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠲᠡᠳᠡᠨ ᠤ ᠱᠠᠩᠳᠤ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠬᠠᠮᠠᠳ ᠺᠠᠳ᠋ᠷᠴᠤᠳ ᠢ ᠬᠠᠯᠠᠮᠵᠢᠯᠠᠵᠤ᠂ ᠴᠢᠬᠤᠯᠠᠴᠢᠯᠠᠵᠤ᠂ ᠠᠬᠠᠮᠠᠳ ᠨᠥᠬᠦᠳ ᠨᠢᠭᠡᠪᠦᠷᠢ ᠤᠯᠤᠰ ᠲᠦᠷᠦ ᠶᠢᠨ ᠲᠠᠯ᠎ᠠ ᠪᠠᠷ ᠬᠦᠨᠳᠦᠳᠬᠡᠵᠦ᠂ ᠦᠵᠡᠯ ᠰᠠᠨᠠᠭᠠᠨ ᠤ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠬᠤ ᠶᠢ ᠪᠠᠲᠤᠯᠠᠵᠤ᠂ ᠤᠶᠤᠨ ᠰᠠᠨᠠᠭᠠᠨ ᠤ ᠲᠠᠯ᠎ᠠ ᠪᠠᠷ ᠬᠠᠯᠠᠮᠵᠢᠯᠠᠯ ᠬᠦᠷᠲᠡᠭᠡᠵᠦ᠂ ᠪᠦᠬᠦ ᠠᠬᠠᠮᠠᠳ ᠺᠠᠳ᠋ᠷᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠵᠦ᠂ ᠵᠣᠯ ᠵᠢᠷᠭᠠᠯ ᠲᠠᠢ ᠥᠲᠡᠯᠦᠭᠡ ᠨᠠᠰᠤ ᠶᠢ ᠨᠢ ᠡᠳ᠋ᠯᠡᠭᠦᠯᠬᠦ ᠪᠠᠷ ᠴᠢᠷᠮᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ ᠰᠠᠭᠤᠵᠤ ᠪᠠᠶᠢᠭ᠎ᠠ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠦᠷᠭᠦᠯᠵᠢᠯᠡᠨ ᠲᠤᠷᠰᠢᠯᠭ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠵᠥᠪᠯᠡᠭᠴᠢ ᠪᠣᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠠᠵᠢᠯ ᠢᠶᠠᠨ ᠰᠠᠶᠢᠲᠤᠷ ᠬᠢᠬᠦ ᠶᠢ ᠬᠠᠪᠰᠤᠷᠤᠨ ᠳᠡᠮᠵᠢᠬᠦ ᠶᠢ ᠬᠦᠰᠡᠵᠦ ᠪᠠᠶᠢᠨ᠎ᠠ᠃    ᠠᠬᠠᠮᠠᠳ ᠨᠥᠬᠦᠳ᠂ ᠲᠤᠰ ᠤᠳᠠᠭ᠎ᠠ ᠶᠢᠨ ᠠᠵᠢᠯᠯᠠᠭ᠎ᠠ ᠨᠢ ᠤᠯᠠᠨ ᠳᠤ ᠬᠠᠷᠢᠯᠴᠠᠨ ᠬᠥᠳᠡᠯᠦᠯᠴᠡᠵᠦ ᠰᠣᠯᠢᠯᠴᠠᠬᠤ᠂ ᠬᠠᠷᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠬᠠᠩᠭᠠᠵᠤ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠪᠠᠶᠠᠷ ᠪᠠᠶᠠᠰᠬᠤᠯᠠᠩ ᠲᠠᠢ ᠪᠠᠷ ᠠᠮᠢᠳᠤᠷᠠᠬᠤ ᠪᠠᠷ ᠪᠠᠷᠠᠬᠤ ᠦᠭᠡᠢ ᠪᠠᠰᠠ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠳᠬᠠᠪᠠ ᠭᠡᠵᠦ ᠢᠯᠡᠳᠬᠡᠵᠡᠭᠡᠪᠡ᠃ ᠬᠤᠶᠢᠰᠢᠳᠠ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠱᠠᠩᠳᠤ ᠰᠢᠶᠠᠨ ᠤ ᠠᠵᠤ ᠠᠬᠤᠢ ᠨᠡᠶᠢᠭᠡᠮ ᠪᠣᠯᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
ᠣᠷᠴᠢᠭᠤᠯᠣᠭᠴᠢ᠄  ᠬᠠᠨᠠᠭᠠᠷ ᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2