ᠮᠤᠵᠢ ᠶᠢᠨ ᠳᠡᠰ ᠤᠨ ᠵᠠᠮ 223 ᠱᠤᠭᠤᠮ ᠤᠨ ᠶᠡᠭᠡ ᠬᠦᠷᠢᠶᠡᠨ ᠠᠴᠠ ᠱᠠᠩᠳᠤ ᠬᠥᠷᠬᠦ ᠵᠠᠰᠠᠮᠠᠯ ᠵᠠᠮ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠵᠠᠷᠯᠠᠯ
ᠨᠡᠶᠢᠲᠡᠯᠡᠭᠰᠡᠨ ᠴᠠᠭ᠄
2024/10/18
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠠᠮᠢᠶ᠎ᠠ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ    1. ᠲᠥᠷᠥᠯ ᠵᠦᠢᠯ ᠤᠨ ᠨᠡᠷᠡᠶᠢᠳᠦᠯ᠄ ᠮᠤᠵᠢ ᠶᠢᠨ ᠵᠠᠮ ᠤᠨ 223 ᠱᠤᠭᠤᠮ ᠤᠨ ᠶᠡᠭᠡ ᠬᠦᠷᠢᠶᠡᠨ ᠠᠴᠠ ᠱᠠᠩᠳᠤ ᠬᠦᠷᠬᠦ ᠵᠠᠰᠠᠮᠠᠯ ᠵᠠᠮ    2. ᠪᠦᠲᠦᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠱᠠᠩᠳᠤ ᠰᠢᠶᠠᠨ ︵ᠵᠠᠮ ᠱᠤᠭᠤᠮ ᠤᠨ ᠡᠬᠢᠯᠡᠯᠲᠡ ᠶᠢᠨ ᠴᠡᠭ ᠨᠢ ᠱᠠᠩᠳᠤ ᠰᠢᠶᠠᠨ ᠤ ᠶᠡᠭᠡ ᠬᠦᠷᠢᠶ᠎ᠡ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠣᠲᠣ ᠮᠤᠵᠢ ᠶᠢᠨ ᠵᠠᠮ 223 ᠱᠤᠭᠤᠮ ᠤᠨ ᠭᠤᠷᠪᠠᠳᠤᠭᠠᠷ ᠳᠡᠰ ᠤᠨ ᠵᠠᠰᠠᠮᠠᠯ ᠵᠠᠮ ᠢ ᠵᠠᠯᠭᠠᠵᠤ᠂ ᠡᠬᠢᠯᠡᠯᠲᠡ ᠶᠢᠨ ᠴᠡᠭ ᠨᠢ ᠵᠠᠯᠭᠠᠵᠤ ᠳᠠᠭᠤᠰᠤᠭᠰᠠᠨ ᠤ ᠳᠠᠷᠠᠭ᠎ᠠ᠂ ᠬᠠᠨ ᠵᠢᠶᠠ ᠲᠣᠰᠬᠤᠨ᠂ ᠶᠢᠦ ᠬᠤ᠋ ᠸᠠᠨ᠂ ᠯᠢᠦ ᠵᠢᠶᠠ ᠹᠠᠩ ᠽᠢ᠂ ᠭᠦᠸᠧ ᠵᠢᠶᠠ ᠲᠣᠰᠬᠤᠨ᠂ ᠰᠢᠯ ᠬᠤᠵᠢᠷ᠂ G510᠂ ᠵᠢᠨᠢᠩ ᠠᠯᠤᠰᠯᠠᠭᠰᠠᠨ ᠲᠡᠮᠦᠷ ᠵᠠᠮ᠂ ᠦᠨᠴᠦᠭᠴᠢ᠂ G5511᠂ ᠡᠯ ᠬᠣ᠋ ᠵᠢᠶᠠ᠂ ᠾᠧᠦ ᠵᠢᠶᠠ ᠼᠦᠨ ᠲᠣᠰᠬᠤᠨ᠂ ᠹᠧᠩ ᠬᠠᠨ ᠲᠣᠰᠬᠤᠨ ᠢᠶᠠᠷ ᠳᠡᠮᠵᠢᠨ᠂ ᠲᠡᠭᠦᠰᠬᠡᠯ ᠤᠨ ᠴᠡᠭ ᠨᠢ 314 ᠱᠤᠭᠤᠮ ᠬᠢᠭᠡᠳ ᠮᠤᠵᠢ ᠶᠢᠨ ᠵᠠᠮ 223 ᠱᠤᠭᠤᠮ ︵ᠱᠠᠩᠳᠤ ᠠᠴᠠ ᠰᠢᠩ ᠾᠧ ᠳ᠋ᠤᠸᠠᠨ ᠬᠥᠷᠬᠦ ᠴᠡᠭ︶ ᠤᠨ ᠵᠡᠷᠭᠡᠴᠡᠭᠡ ᠵᠠᠮ ᠪᠤᠯᠤᠨ᠎ᠠ᠃︶    3. ᠪᠦᠲᠦᠭᠡᠨ ᠪᠠᠶᠢᠭᠤᠯᠬᠤ ᠠᠭᠤᠯᠭ᠎ᠠ ᠪᠠ ᠬᠡᠪᠴᠢᠶ᠎ᠡ᠄ ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠵᠦ᠂ ᠲᠥᠯᠥᠪᠯᠡᠭᠰᠡᠨ ᠬᠤᠷᠳᠤᠴᠠ ᠨᠢ 80km/h᠂ ᠵᠠᠮ ᠤᠨ ᠰᠠᠭᠤᠷᠢ ᠶᠢᠨ ᠥᠷᠭᠡᠨ ᠨᠢ 12m᠂ ᠵᠠᠮ ᠤᠨ ᠭᠠᠳᠠᠷᠭᠤ ᠶᠢᠨ ᠥᠷᠭᠡᠨ ᠨᠢ 10.5m᠂ ᠱᠤᠭᠤᠮ ᠤᠨ ᠪᠥᠬᠦ ᠣᠷᠳᠣ ᠨᠢ 66.68 ᠺᠢᠯᠣᠮᠧᠳ᠋ᠷ᠂ ᠶᠡᠭᠡ ᠬᠥᠭᠦᠷᠭᠡ 3᠂ ᠳᠤᠮᠳᠠ ᠬᠥᠭᠦᠷᠭᠡ 1᠂ ᠪᠠᠭ᠎ᠠ ᠬᠥᠭᠦᠷᠭᠡ 16᠂ ᠭᠤᠯᠳᠤᠩ ᠠᠭᠤᠶᠢᠲᠤ 117 ᠰᠠᠭᠤᠷᠢ᠂ ᠰᠣᠯᠪᠢᠴᠠᠭᠰᠠᠨ ᠵᠦᠷᠢᠯᠢᠭ ᠬᠥᠭᠦᠷᠭᠡ 4᠂ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ 1᠂ ᠲᠥᠯᠥᠪᠯᠡᠭᠰᠡᠨ ᠳᠠᠭᠠᠭᠠᠴᠠ ᠳᠤ ᠵᠠᠰᠠᠮᠠᠯ ᠵᠠᠮ -1 ᠳᠡᠰ ᠬᠡᠷᠡᠭᠯᠡᠵᠡᠢ᠃ ᠬᠤᠯᠪᠣᠬᠤ ᠱᠤᠭᠤᠮ ᠢ 4.5 ᠺᠢᠯᠣᠮᠧᠳ᠋ᠷ ᠪᠣᠯᠭᠠᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠨ᠂ ᠵᠢᠷᠤᠵᠤ ᠲᠥᠯᠥᠪᠯᠡᠭᠰᠡᠨ ᠬᠤᠷᠳᠤᠴᠠ ᠨᠢ 40km/h ᠪᠠᠶᠢᠵᠤ᠂ ᠵᠠᠮ ᠤᠨ ᠰᠠᠭᠤᠷᠢ ᠶᠢᠨ ᠥᠷᠭᠡᠨ ᠨᠢ 8.5m᠂ ᠵᠠᠮ ᠤᠨ ᠭᠠᠳᠠᠷᠭᠤ ᠶᠢᠨ ᠥᠷᠭᠡᠨ ᠨᠢ 7 m᠂ ᠵᠢᠷᠤᠵᠤ ᠲᠥᠯᠥᠪᠯᠡᠭᠰᠡᠨ ᠳᠠᠭᠠᠭᠠᠴᠠ ᠨᠢ ᠵᠠᠰᠠᠮᠠᠯ ᠵᠠᠮ - Ⅱ ᠲᠠᠰ ᠢ ᠬᠡᠷᠡᠭᠯᠡᠨ᠎ᠡ᠃    4. ᠪᠥᠲᠥᠭᠡᠨ ᠪᠠᠶᠢᠭᠤᠯᠬᠤ ᠠᠵᠢᠯ ᠤᠨ ᠬᠤᠭᠤᠴᠠᠭ᠎ᠠ᠄ ᠪᠠᠷᠢᠯᠭ᠎ᠠ ᠪᠠᠷᠢᠬᠤ ᠬᠤᠭᠤᠴᠠᠭ᠎ᠠ ᠬᠤᠭᠤᠴᠠᠭ᠎ᠠ ᠨᠢ 2025 ᠤᠨ - 2027 ᠣᠨ᠂ ᠪᠠᠷᠢᠯᠭ᠎ᠠ ᠶᠢᠨ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃    5. ᠪᠡᠯᠡ ᠣᠷᠣᠭᠤᠯᠤᠯᠲᠠ ᠶᠢᠨ ᠪᠠᠶᠢᠳᠠᠯ᠄ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 74039.41 ᠲᠦᠮᠡᠨ ᠲᠥᠭᠦᠷᠢᠭ᠂ ᠪᠡᠯᠡ ᠮᠥᠩᠭᠦ ᠴᠤᠭᠯᠠᠭᠤᠯᠬᠤ ᠠᠷᠭ᠎ᠠ ᠮᠠᠶ᠋ᠢᠭ ᠢᠶᠠᠷ ᠳᠡᠭᠡᠳᠦ ᠱᠠᠲᠤᠨ ᠤ ᠨᠥᠬᠦᠪᠥᠷᠢ ︵ᠲᠥᠪ ᠤᠨ ᠲᠡᠷᠭᠡ ᠬᠤᠳᠠᠯᠳᠤᠨ ᠠᠪᠬᠤ ᠭᠠᠶᠢᠯᠢ ᠶᠢᠨ ᠪᠡᠯᠡ ᠮᠥᠩᠭᠦ ᠶᠢ ᠭᠤᠶᠤᠴᠢᠯᠠᠬᠤ︶᠂ ᠬᠦᠷᠦᠯᠴᠡᠬᠦ ᠦᠭᠡᠢ ᠬᠡᠰᠡᠭ ᠢ ᠣᠷᠣᠨ ᠨᠤᠲᠤᠭ ᠠᠴᠠ ᠥᠪᠡᠰᠦᠪᠡᠨ ᠴᠤᠭᠯᠠᠭᠤᠯᠤᠨ᠎ᠠ᠃    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ    1. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠣᠰ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠠᠰᠢᠭ ᠲᠤᠰᠠ ᠳᠤ ᠬᠤᠯᠪᠣᠭᠳᠠᠬᠤ ᠬᠠᠮᠲᠤᠯᠢᠭ᠃    2. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠄ ᠲᠣᠰ ᠲᠥᠷᠥᠯ ᠵᠦᠢᠯ ᠢ ᠬᠡᠷᠡᠭᠵᠢᠭᠦᠯᠬᠦ ᠳᠤ ᠶᠠᠮᠠᠷ ᠣᠪᠣᠷ ᠲᠠᠢ︔ ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠳᠤ ᠦᠵᠡᠭᠦᠯᠬᠦ ᠨᠥᠯᠥᠭᠡ︔ ᠲᠣᠰ ᠲᠥᠷᠥᠯ ᠵᠦᠢᠯ ᠢ ᠬᠡᠷᠡᠭᠵᠢᠭᠦᠯᠬᠦ ᠲᠤᠬᠠᠶ ᠰᠠᠨᠠᠯ ᠪᠠ ᠰᠠᠨᠠᠭᠤᠯᠭ᠎ᠠ᠃    3᠂ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠬᠡᠷᠡᠭᠵᠢᠭᠦᠯᠬᠦ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠷᠢᠭᠤ ᠲᠤᠰᠬᠠᠨ᠎ᠠ᠃    ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠶᠢᠨ ᠬᠠᠷᠢᠭᠤ ᠲᠤᠰᠬᠠᠬᠤ ᠠᠷᠭ᠎ᠠ ᠵᠠᠮ    1. ᠬᠠᠷᠢᠯᠴᠠᠬᠤ ᠬᠦᠮᠦᠨ ᠷᠧᠨ ᠬᠤᠤ    2. ᠬᠠᠷᠢᠯᠴᠠᠬᠤ ᠤᠲᠠᠰᠤ᠄ 18647408166    2024 ᠣᠨ ᠤ 10 ᠰᠠᠷ᠎ᠠ ᠶᠢᠨ 18 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2