ᠡᠳᠦᠭᠡ ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ ᠶᠢᠨ ᠰᠤᠭᠤᠴᠢᠨ | ᠪᠠᠶᠢᠴᠠᠭᠠᠬᠤ ᠳᠤ ᠬᠢᠷᠢ ᠲᠡᠩᠴᠡᠭᠰᠡᠨ ᠥᠬᠡᠶ ᠢᠳᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠠᠶᠢᠭ᠎ᠠ | ᠪᠠᠶᠢᠳᠠᠯ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ | ᠪᠠᠷᠠᠭᠠᠨ ᠤ ᠨᠡᠷᠡᠶᠢᠳᠦᠯ᠄ ᠴᠡᠴᠡᠭᠲᠦ ᠨᠠᠪᠴᠢᠲᠤ ᠭᠠᠶᠢᠮᠦ︔ ᠲᠠᠸᠠᠷ ᠤᠨ ᠲᠡᠮᠳᠡᠭ᠄ ᠮᠧᠩ ᠰᠢᠶᠤᠤ ᠨᠣᠭᠤᠭ᠎ᠠ | ᠪᠠ ᠵᠢᠷᠤᠭ ᠤᠨ ᠬᠡᠯᠪᠡᠷᠢ ᠶᠢᠨ ᠲᠠᠸᠠᠷ ᠤᠨ ᠲᠡᠮᠳᠡᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ | 4 ᠰᠠᠷ᠎ᠠ ᠶᠢᠨ 12 ᠤᠨ ᠡᠳᠦᠷ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 500 ᠭᠷᠠᠮ / ᠤᠭᠤᠲᠠ︔ ᠦᠯᠢᠭᠡᠷ | ᠠᠪᠬᠤ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ | ᠄ GB2760 - 2014 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ | ᠨᠡᠮᠡᠯᠲᠡ ᠡᠳ᠋ ᠬᠡᠷᠡᠭᠯᠡᠬᠦ ᠪᠠᠷᠢᠮᠵᠢᠶ᠎ᠠ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠬᠠᠷᠠᠮᠥ᠋ᠷᠡᠨ ᠮᠤᠵᠢ ᠶᠢᠨ ᠬᠤᠸᠠ | ᠬᠡᠮᠵᠢᠨ ᠪᠠᠶᠢᠴᠠᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ᠃ ᠵᠠᠭᠪᠤᠷ ᠤᠨ ᠨᠡᠷᠡᠶᠢᠳᠦᠯ᠄ ᠴᠡᠴᠡᠭ ᠤᠨ ᠨᠠᠪᠴᠢᠲᠤ | ᠭᠠᠶᠢᠮᠤ᠂ ᠳᠠᠷᠤᠭᠰᠠᠨ ᠨᠣᠭᠤᠭ᠎ᠠ ︵ᠵᠢᠶᠠᠩᠨᠠᠭᠰᠠᠨ ᠨᠣᠭᠤᠭ᠎ᠠ ᠳᠠᠷᠢᠨ᠎ᠠ︶︔ ᠲᠠᠸᠠᠷ ᠤᠨ ᠲᠡᠮᠳᠡᠭ᠄ ᠮᠧᠩ ᠰᠢᠶᠤᠤ | ᠨᠣᠭᠤᠭ᠎ᠠ ᠪᠠ ᠵᠢᠷᠤᠭ ᠳᠦᠷᠰᠦ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 4 ᠰᠠᠷ᠎ᠠ ᠶᠢᠨ | 19 ᠤ ᠡᠳᠦᠷ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 500 ᠭᠷᠠᠮ / ᠤᠭᠤᠲᠠ︔ ᠦᠯᠢᠭᠡᠷ ᠠᠪᠬᠤ ᠰᠠᠭᠤᠷᠢ | ᠲᠤᠭ᠎ᠠ᠄ 9 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ GB2760 | - 2014 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ | ᠬᠡᠷᠡᠭᠯᠡᠬᠦ ᠪᠠᠷᠢᠮᠵᠢᠶ᠎ᠠ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠤᠯᠤᠰ ᠤᠨ ᠰᠢᠯᠭᠠᠨ ᠪᠠᠶᠢᠴᠠᠭᠠᠵᠤ ᠬᠤᠪᠢ | ᠡᠵᠡᠮᠳᠡᠬᠦ ᠪᠦᠯᠦᠭᠯᠡᠯ ᠤᠨ ᠯᠢᠶᠣᠤᠨᠢᠩ ᠤᠨ ᠬᠢᠵᠠᠭᠠᠷᠲᠤ ᠺᠣᠮᠫᠠᠨᠢ᠃ | ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠨᠲᠡ ᠲᠤᠰ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ | ᠡᠭᠡᠭᠦᠯᠦᠨ ᠪᠤᠴᠠᠭᠠᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠡᠭᠡᠭᠦᠯᠦᠨ ᠠᠪᠴᠢᠷᠠᠬᠤ ᠠᠯᠪᠠᠨ ᠵᠠᠷ ᠨᠡᠶᠢᠲᠡᠯᠡᠵᠦ᠂ | ᠬᠢᠷᠢ ᠲᠡᠩᠴᠡᠬᠦ ᠦᠭᠡᠶ ᠦᠢᠯᠡᠳᠬᠦᠨ ᠢᠶᠠᠨ ᠡᠭᠡᠭᠦᠯᠦᠨ ᠠᠪᠴᠢᠷᠠᠬᠤ ᠬᠡᠷᠡᠭᠲᠡᠶ᠃ ᠣᠳᠣᠬᠠᠨ ᠳᠤ ᠲᠤᠰ ᠠᠵᠤ | ᠠᠬᠤᠶᠢᠯᠠᠯ ᠳᠡᠭᠡᠷᠡᠬᠢ ᠦᠢᠯᠡᠳ᠋ᠬᠦᠨ ᠢ ᠪᠤᠴᠠᠭᠠᠨ ᠠᠪᠴᠢᠷᠠᠭᠰᠠᠨ ᠦᠭᠡᠢ᠃ | ᠥᠷᠭᠡᠨ ᠣᠯᠠᠨ ᠬᠡᠷᠡᠭᠯᠡᠭᠴᠢᠳ ᠬᠡᠷᠪᠡ ᠢᠳᠡᠭᠡᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠣᠯᠵᠤ ᠮᠡᠳᠡᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | 12315 ᠤᠲᠠᠰᠤ ᠶᠢ ᠤᠲᠠᠰᠤᠳᠠᠵᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2024 ᠣᠨ ᠤ 10 ᠰᠠᠷ᠎ᠠ ᠶᠢᠨ 21 ᠤ ᠡᠳᠦᠷ |