ᠡᠳᠦᠭᠡ ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ ᠶᠢᠨ ᠰᠤᠭᠤᠴᠢᠨ | ᠪᠠᠶᠢᠴᠠᠭᠠᠬᠤ ᠳᠤ ᠬᠢᠷᠢ ᠲᠡᠩᠴᠡᠬᠦ ᠦᠭᠡᠢ ᠢᠳᠡᠭᠡᠨ ᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ | ᠳᠣᠣᠷᠠᠬᠢ ᠮᠡᠲᠦ ᠵᠠᠷᠯᠠᠶ᠎ᠠ᠄ | 1. ᠰᠤᠭᠤᠯᠤᠨ ᠪᠠᠶᠢᠴᠠᠭᠠᠭᠰᠠᠨ ᠦᠨᠳᠦᠰᠦᠨ ᠪᠠᠶᠢᠳᠠᠯ | ᠪᠠᠷᠠᠭᠠᠨ ᠤ ᠨᠡᠷᠡᠶᠢᠳᠦᠯ᠄ ᠴᠡᠴᠡᠭᠲᠦ ᠨᠠᠪᠴᠢᠲᠤ ᠭᠠᠶᠢᠮᠦ︔ ᠲᠠᠸᠠᠷ ᠤᠨ ᠲᠡᠮᠳᠡᠭ᠄ ᠮᠧᠩ ᠰᠢᠶᠤᠤ ᠨᠣᠭᠤᠭ᠎ᠠ | ᠪᠠ ᠵᠢᠷᠤᠭ ᠤᠨ ᠬᠡᠯᠪᠡᠷᠢ ᠶᠢᠨ ᠲᠠᠸᠠᠷ ᠤᠨ ᠲᠡᠮᠳᠡᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ | 4 ᠰᠠᠷ᠎ᠠ ᠶᠢᠨ 12 ᠤᠨ ᠡᠳᠦᠷ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 500 ᠭᠷᠠᠮ / ᠤᠭᠤᠲᠠ︔ ᠦᠯᠢᠭᠡᠷ | ᠠᠪᠬᠤ ᠰᠠᠭᠤᠷᠢ ᠲᠤᠭ᠎ᠠ᠄ 8 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ | ᠄ GB2760 - 2014 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ | ᠨᠡᠮᠡᠯᠲᠡ ᠡᠳ᠋ ᠬᠡᠷᠡᠭᠯᠡᠬᠦ ᠪᠠᠷᠢᠮᠵᠢᠶ᠎ᠠ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠬᠠᠷᠠᠮᠥ᠋ᠷᠡᠨ ᠮᠤᠵᠢ ᠶᠢᠨ ᠬᠤᠸᠠ | ᠬᠡᠮᠵᠢᠨ ᠪᠠᠶᠢᠴᠠᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ᠃ ᠵᠠᠭᠪᠤᠷ ᠤᠨ ᠨᠡᠷᠡᠶᠢᠳᠦᠯ᠄ ᠴᠡᠴᠡᠭ ᠤᠨ ᠨᠠᠪᠴᠢᠲᠤ | ᠭᠠᠶᠢᠮᠤ᠂ ᠳᠠᠷᠤᠭᠰᠠᠨ ᠨᠣᠭᠤᠭ᠎ᠠ ︵ᠵᠢᠶᠠᠩᠨᠠᠭᠰᠠᠨ ᠨᠣᠭᠤᠭ᠎ᠠ ᠳᠠᠷᠢᠨ᠎ᠠ︶︔ ᠲᠠᠸᠠᠷ ᠤᠨ ᠲᠡᠮᠳᠡᠭ᠄ ᠮᠧᠩ ᠰᠢᠶᠤᠤ | ᠨᠣᠭᠤᠭ᠎ᠠ ᠪᠠ ᠵᠢᠷᠤᠭ ᠳᠦᠷᠰᠦ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2024 ᠣᠨ ᠤ 4 ᠰᠠᠷ᠎ᠠ ᠶᠢᠨ | 19 ᠤ ᠡᠳᠦᠷ︔ ᠬᠡᠪ ᠪᠠᠷᠢᠮᠵᠢᠶ᠎ᠠ ᠬᠡᠯᠪᠡᠷᠢ ᠮᠠᠶ᠋ᠢᠭ᠄ 500 ᠭᠷᠠᠮ / ᠤᠭᠤᠲᠠ︔ ᠦᠯᠢᠭᠡᠷ ᠠᠪᠬᠤ ᠰᠠᠭᠤᠷᠢ | ᠲᠤᠭ᠎ᠠ᠄ 9 ᠤᠭᠤᠲᠠ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ᠄ GB2760 | - 2014 ᠣᠨ ᠤ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ | ᠬᠡᠷᠡᠭᠯᠡᠬᠦ ᠪᠠᠷᠢᠮᠵᠢᠶ᠎ᠠ︾︔ ᠰᠢᠯᠭᠠᠨ ᠪᠠᠶᠢᠴᠠᠭᠠᠬᠤ ᠪᠠᠶᠢᠭᠤᠯᠤᠮᠵᠢ᠄ ᠤᠯᠤᠰ ᠤᠨ ᠰᠢᠯᠭᠠᠨ ᠪᠠᠶᠢᠴᠠᠭᠠᠵᠤ ᠬᠤᠪᠢ | ᠡᠵᠡᠮᠳᠡᠬᠦ ᠪᠦᠯᠦᠭᠯᠡᠯ ᠤᠨ ᠯᠢᠶᠣᠤᠨᠢᠩ ᠤᠨ ᠬᠢᠵᠠᠭᠠᠷᠲᠤ ᠺᠣᠮᠫᠠᠨᠢ᠃ | 2. ᠬᠢᠷᠢ ᠲᠡᠩᠴᠡᠬᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ | ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ 2024 ᠣᠨ ᠤ 4 ᠰᠠᠷ᠎ᠠ ᠶᠢᠨ 12 ᠤᠨ | ᠡᠳᠦᠷ ᠪᠠ 4 ᠰᠠᠷ᠎ᠠ ᠶᠢᠨ 19 ᠤ ᠡᠳᠦᠷ ᠦᠢᠯᠡᠳᠪᠦᠷᠢᠯᠡᠭᠰᠡᠨ ᠴᠡᠴᠡᠭᠲᠦ ᠨᠠᠪᠴᠢᠨ ᠤ ᠭᠠᠶᠢᠮᠤ᠂ ᠲᠠᠸᠠᠷ ᠤᠨ | ᠲᠡᠮᠳᠡᠭ᠄ ᠮᠧᠩ ᠵᠢᠵᠢᠭ ᠨᠣᠭᠤᠭ᠎ᠠ ᠪᠠ ᠵᠢᠷᠤᠭ ᠤᠨ ᠬᠡᠯᠪᠡᠷᠢ᠂ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ | ᠬᠡᠮᠵᠢᠶ᠎ᠡ ᠶᠢᠨ ᠲᠥᠷᠥᠯ ᠵᠦᠢᠯ ᠨᠢ GB2760 - 2014 ᠤᠨ ︽ᠢᠳᠡᠭᠡᠨ ᠤ ᠠᠮᠤᠷ ᠲᠦᠪᠰᠢᠨ ᠤ ᠬᠠᠤᠯᠢ︾ | ᠶᠢᠨ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠪᠠ ᠠᠷᠪᠠᠨ ᠵᠤᠷᠪᠤᠰ ᠤᠨ ᠲᠣᠭᠲᠠᠭᠠᠯ ᠢ | ᠦᠨᠳᠦᠰᠦᠯᠡᠪᠡᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ | ᠬᠠᠤᠯᠢ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠪᠠ ᠲᠠᠪᠤᠳᠤᠭᠠᠷ ᠵᠤᠷᠪᠤᠰ ᠤᠨ | ᠲᠣᠭᠲᠠᠭᠠᠯ ᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠰᠢᠢᠳᠬᠡᠯ ᠤᠨ ᠬᠠᠤᠯᠢ︾ ᠶᠢᠨ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠤᠷᠪᠤᠰ | ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠬᠤ ᠲᠤᠬᠠᠶ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠠᠷᠪᠠᠨ | ᠳᠥᠷᠪᠡᠳᠦᠭᠡᠷ ᠵᠦᠢᠯ ᠤᠨ ᠨᠢᠭᠡᠳᠦᠭᠡᠷ᠂ ᠬᠤᠶᠠᠳᠤᠭᠠᠷ᠂ ᠭᠤᠷᠪᠠᠨ ᠵᠤᠷᠪᠤᠰ ᠲᠠᠢ ᠬᠠᠷᠢᠴᠠᠭᠤᠯᠵᠤ᠂ ᠲᠤᠬᠠᠶ ᠶᠢᠨ | ᠬᠥᠮᠦᠨ ᠳᠤ᠄ 1᠂ ᠦᠢᠯᠡᠳᠪᠦᠷᠢᠯᠡᠯ ᠤᠨ ᠬᠡᠪ ᠪᠠᠷᠢᠮᠵᠢᠶ᠎ᠠ ᠬᠡᠯᠪᠡᠷᠢ ᠮᠠᠶ᠋ᠢᠭ ᠨᠢ 500g ᠤᠭᠤᠲᠠ ᠴᠡᠴᠡᠭ ᠤᠨ | ᠨᠠᠪᠴᠢ ᠪᠠ ᠵᠢᠷᠤᠭ ᠬᠡᠯᠪᠡᠷᠢ︶ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠯᠲᠠ ᠪᠠᠷ ᠳᠠᠮᠵᠢᠨ ᠬᠦᠬᠦᠷ ᠤᠨ | ᠳᠠᠪᠬᠤᠷ ᠢᠰᠦᠯ ᠤᠨ ᠦᠯᠡᠳᠡᠭᠳᠡᠯ ᠬᠡᠮᠵᠢᠶ᠎ᠡ ᠶᠢᠨ ᠲᠥᠷᠥᠯ ᠵᠦᠢᠯ ᠨᠢ GB2760 - 2014 ᠶᠢᠨ ︽ | ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾ | ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠦᠢᠯᠡ ᠠᠵᠢᠯᠯᠠᠭ᠎ᠠ ᠶᠢ 5500 ᠲᠥᠭᠦᠷᠢᠭ ᠵᠣᠭᠤᠰ ᠢᠶᠠᠷ ᠲᠣᠷᠭᠠᠵᠤ᠂ | ᠬᠠᠤᠯᠢ ᠠᠴᠠ ᠵᠥᠷᠢᠴᠡᠭᠰᠡᠨ ᠣᠯᠵᠠᠪᠤᠷᠢ ᠶᠢ 520.00 ᠲᠥᠭᠦᠷᠢᠭ ᠬᠤᠷᠢᠶᠠᠨ ᠠᠪᠴᠠᠶ᠃ 2᠂ | ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠᠨ ᠬᠤᠳᠠᠯ ᠬᠠᠭᠤᠷᠮᠠᠭ ᠢᠶᠠᠷ ᠬᠠᠳᠠᠭᠰᠠᠨ ᠰᠡᠵᠢᠭᠲᠡᠶ ᠦᠢᠯᠡ | ᠠᠵᠢᠯᠯᠠᠭ᠎ᠠ ᠶᠢ 5000 ᠲᠥᠭᠦᠷᠢᠭ ᠪᠦᠬᠦᠯᠢ ᠵᠣᠭᠤᠰ ᠢᠶᠠᠷ ᠲᠣᠷᠭᠠᠨ᠎ᠠ᠃ | ᠲᠣᠷᠭᠠᠭᠰᠠᠨ ᠪᠠ ᠬᠤᠷᠢᠶᠠᠨ ᠠᠪᠤᠭᠰᠠᠨ ᠠᠷᠠᠳ ᠤᠨ ᠵᠣᠭᠤᠰ ᠤᠨ ᠨᠢᠭᠡ ᠲᠦᠮᠡᠨ ᠢ ᠲᠦᠮᠡᠨ ᠲᠠᠪᠤᠨ ᠮᠢᠩᠭᠠᠨ | ᠲᠥᠭᠦᠷᠢᠭ ︵11520.00︶ ᠲᠥᠭᠦᠷᠢᠭ ᠤᠯᠤᠰ ᠤᠨ ᠬᠥᠮᠥᠷᠭᠡ ᠳᠤ ᠲᠤᠰᠢᠶᠠᠪᠠ᠃ | 3. ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ | ᠥᠪᠥᠷ ᠮᠣᠩᠭᠤᠯ ᠤᠨ ᠮᠧᠩ ᠼᠠᠢ ᠢᠳᠡᠭᠡᠨ ᠤ ᠬᠢᠵᠠᠭᠠᠷᠲᠤ ᠺᠣᠮᠫᠠᠨᠢ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠳᠡᠪᠰᠢᠭᠦᠯᠪᠡ᠃ ᠬᠢᠨᠠᠨ | ᠬᠠᠮᠢᠶᠠᠷᠬᠤ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠲᠠᠬᠢᠨ ᠪᠠᠶᠢᠴᠠᠭᠠᠵᠤ ᠰᠢᠯᠭᠠᠨ ᠠᠪᠤᠪᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠱᠠᠩᠳᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2024 ᠣᠨ ᠤ 10 ᠰᠠᠷ᠎ᠠ ᠶᠢᠨ 21 ᠤ ᠡᠳᠦᠷ |