ᠪᠡᠭᠡᠵᠢᠩ ᠤᠨ ᠲᠤᠰᠬᠠᠶ ᠮᠡᠷᠭᠡᠵᠢᠯᠲᠡᠨ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ︽ᠪᠡᠭᠡᠵᠢᠩ ᠤᠨ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ︾ ᠳᠤ ᠬᠦᠷᠴᠦ ᠡᠮᠨᠡᠭᠦᠯᠪᠡ
ᠨᠡᠶᠢᠲᠡᠯᠡᠭᠰᠡᠨ ᠴᠠᠭ᠄
2024/10/22
 10 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠸᠠᠩ ᠲᠢᠶᠠᠨ ᠰᠢᠶᠤᠤ ᠫᠷᠤᠹᠧᠰᠰᠤᠷ ᠨᠡᠶᠢᠰᠯᠡᠯ ᠤᠨ ᠠᠷᠠᠳ ᠲᠦᠮᠡᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠱᠠᠩᠳᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠬᠦᠷᠴᠦ ︽ᠪᠡᠭᠡᠵᠢᠩ ᠤᠨ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ︾ ᠳᠤ ᠰᠠᠭᠤᠵᠤ ᠡᠮᠨᠡᠭᠦᠯᠪᠡ᠃ ᠲᠡᠷᠡ ᠠᠶᠠᠨ ᠵᠠᠮ ᠳᠠᠭᠠᠨ ᠵᠦᠲᠡᠷᠡᠬᠦ ᠶᠢ ᠬᠠᠶᠢᠬᠤᠷᠤᠯ ᠦᠭᠡᠢ ᠪᠠᠷ ᠡᠪᠡᠳᠴᠢᠨ ᠤ ᠪᠠᠶᠢᠳᠠᠯ ᠢ ᠠᠰᠠᠭᠤᠬᠤ᠂ ᠡᠪᠡᠳᠴᠢᠨ ᠤ ᠲᠡᠦᠬᠡ ᠶᠢ ᠪᠠᠶᠢᠴᠠᠭᠠᠨ ᠦᠵᠡᠬᠦ᠂ ᠬᠡᠲᠦ ᠳᠠᠭᠤᠨ ᠪᠠᠶᠢᠴᠠᠭᠠᠯᠲᠠ ᠶᠢᠨ ᠮᠡᠳᠡᠭᠦᠯᠦᠯᠲᠡ᠂ ᠪᠡᠶ᠎ᠡ ᠶᠢᠨ ᠪᠠᠶᠢᠴᠠᠭᠠᠯᠲᠠ ᠵᠡᠷᠭᠡ ᠪᠠᠷ ᠳᠠᠮᠵᠢᠨ᠂ ᠨᠢᠭᠡ ᠦᠳᠡ ᠶᠢᠨ ᠡᠮᠦᠨ᠎ᠡ 16 ᠡᠪᠡᠳᠴᠢᠲᠡᠨ ᠢ ᠬᠦᠯᠢᠶᠡᠨ ᠠᠪᠴᠤ ᠡᠮᠨᠡᠭᠦᠯᠵᠡᠶ᠃ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠳᠦᠰᠦᠯᠡᠨ᠂ ᠲᠡᠷᠡ ᠬᠠᠨᠳᠤᠯᠭᠠᠲᠤ ᠴᠢᠨᠠᠷᠲᠠᠢ ᠪᠠᠷ ᠣᠨᠣᠰᠢᠯᠠᠨ ᠡᠮᠨᠡᠬᠦ ᠰᠠᠨᠠᠯ ᠳᠤᠷᠠᠳᠪᠠ᠄ ᠵᠠᠷᠢᠮ ᠪᠠᠮᠪᠠᠢ ᠪᠤᠯᠴᠢᠷᠬᠠᠢ ᠶᠢᠨ ᠬᠦᠪᠴᠢᠷᠬᠡᠢ ᠡᠪᠡᠳᠴᠢᠲᠡᠨ ᠢ ᠠᠵᠢᠭᠯᠠᠵᠤ᠂ ᠲᠤᠭᠳᠠᠮᠠᠯ ᠬᠤᠭᠤᠴᠠᠭ᠎ᠠ ᠲᠠᠢ ᠪᠠᠷ ᠲᠠᠬᠢᠨ ᠪᠠᠶᠢᠴᠠᠭᠠᠬᠤ ᠴᠢᠬᠤᠯᠠᠲᠠᠢ    ᠸᠠᠩ ᠲᠢᠶᠠᠨ ᠰᠢᠶᠤᠤ ᠫᠷᠤᠹᠤᠰᠰᠤᠷ ᠪᠡᠭᠡᠵᠢᠩ ᠶᠡᠭᠡ ᠰᠤᠷᠬᠠᠬᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠲᠤᠯᠤᠬᠠᠶ ᠶᠢᠨ ᠬᠦᠵᠦᠭᠦᠦ ᠶᠢᠨ ᠭᠠᠳᠠᠷ ᠰᠠᠯᠠᠭ᠎ᠠ ᠶᠢᠨ ᠡᠷᠬᠢᠯᠡᠭᠴᠢ ᠡᠮᠴᠢ᠂ ᠳᠡᠳ᠋ ᠫᠷᠤᠹᠧᠰᠰᠤᠷ᠃ 2018 ᠣᠨ ᠠᠴᠠ 2020 ᠤᠨ ᠪᠣᠯᠲᠠᠯ᠎ᠠ ᠠᠮᠧᠷᠢᠺᠠ ᠶᠢᠨ M.D.Anderson ᠬᠠᠪᠤᠳᠠᠷ ᠤᠨ ᠲᠥᠪ ᠲᠤ ᠬᠦᠷᠴᠦ ᠰᠤᠷᠪᠤᠯᠵᠢᠯ ᠠᠬᠤ ᠳᠠᠭᠠᠨ ︽ᠳᠤᠮᠳᠠᠳᠤ ᠶᠢᠨ ᠴᠢᠬᠢᠨ ᠬᠠᠮᠠᠷ ᠵᠠᠯᠭᠢᠭᠤᠷ ᠤᠨ ᠬᠦᠵᠦᠭᠦᠦ ᠭᠠᠳᠠᠷ ᠰᠠᠯᠠᠭᠠᠨ ᠤ ᠰᠡᠳᠭᠦᠯ︾ ᠤᠨ ᠴᠢᠮᠡᠭᠡ ᠨᠡᠪᠲᠡᠷᠡᠭᠦᠯᠭᠡ ᠶᠢᠨ ᠨᠠᠢᠷᠠᠭᠤᠯᠬᠤ ᠺᠣᠮᠢᠰ ᠪᠣᠯᠤᠨ᠎ᠠ᠃
ᠣᠷᠴᠢᠭᠤᠯᠣᠭᠴᠢ᠄  ᠬᠠᠨᠠᠭᠠᠷ ᠬᠢᠨᠠᠭᠴᠢ᠄ ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2