︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠪᠣᠯ ᠰᠡᠳᠬᠢᠯ ᠳᠤᠯᠠᠭᠠᠴᠠᠭᠤᠯᠬᠤ ᠢᠨᠵᠧᠨᠧᠷᠢᠩ᠂ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠥᠬᠡᠶ ᠪᠠᠰᠠ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠤ | ᠢᠯᠠᠯᠲᠠ ᠶᠢ ᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠶᠢᠷ᠎ᠠ ᠶᠢᠨ ᠵᠢᠯ ᠠᠴᠠ᠂ ᠱᠠᠩᠳᠤ ᠰᠢᠶᠠᠨ ᠢᠳᠡᠪᠬᠢᠲᠡᠶ | ᠬᠥᠳᠡᠯᠦᠯᠴᠡᠵᠦ᠂ ᠨᠢᠭᠡᠳᠦᠯᠲᠡᠶ ᠲᠥᠯᠥᠪᠵᠢᠭᠦᠯᠦᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ | ᠬᠠᠮᠲᠤᠷᠠᠯᠴᠠᠭ᠎ᠠ ᠶᠢ ᠴᠢᠩᠭᠠᠳᠬᠠᠵᠤ᠂ ᠢᠵᠢ ᠪᠥᠷᠢᠳᠦᠭᠦᠯᠬᠦ ᠴᠠᠬᠢᠯᠭᠠᠨ ᠲᠣᠤᠷ ᠤᠨ ᠢᠨᠵᠧᠨᠧᠷᠢᠩ ᠤᠨ ᠠᠵᠢᠯᠲᠠᠳ ᠢ | ᠵᠣᠬᠢᠶᠠᠨ ᠪᠠᠶᠢᠭᠤᠯᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ | ᠠᠬᠢᠭᠤᠯᠵᠤ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ᠃ | ᠲᠦᠨ ᠺᠧᠨ ᠠᠩᠬᠢ ᠶᠢᠨ ᡂᠢ ᠵᠢᠶᠠ ᠲᠣᠰᠬᠤᠨ ᠤ ᠮᠠ ᠰᠢᠶᠠᠩ ᠤᠨ ᠭᠡᠷ ᠲᠤ᠂ ᠱᠠᠩᠳᠤ ᠰᠢᠶᠠᠨ ᠤ ᠴᠠᠬᠢᠯᠭᠠᠨ | ᠬᠠᠩᠭᠠᠬᠤ ᠬᠤᠪᠢᠶᠠᠷᠢ ᠺᠣᠮᠫᠠᠨᠢ ᠶᠢᠨ ᠮᠡᠷᠭᠡᠵᠢᠯ ᠤᠨ ᠠᠵᠢᠯᠲᠠᠳ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ ᠤ | ᠳᠠᠷᠠᠭᠠᠬᠢ ᠰᠠᠭᠤᠭᠠᠯᠢ ᠠᠷᠠᠳ ᠤᠨ ᠭᠡᠷ ᠤᠨ ᠴᠠᠬᠢᠯᠭᠠᠨ ᠬᠦᠴᠦᠨ ᠤ ᠱᠤᠭᠤᠮ ᠢ ᠪᠦᠬᠦ ᠲᠠᠯ᠎ᠠ ᠪᠠᠷ ᠪᠠᠶᠢᠴᠠᠭᠠᠨ ᠬᠠᠮᠠᠭᠠᠯᠠᠵᠤ᠂ | ᠰᠠᠭᠤᠭᠠᠯᠢ ᠠᠷᠠᠳ ᠲᠤ ᠴᠠᠬᠢᠯᠭᠠᠨ ᠵᠤᠤᠬ᠎ᠠ ᠶᠢ ᠬᠡᠷᠡᠭᠯᠡᠬᠦ ᠠᠵᠢᠯᠯᠠᠭᠠᠨ ᠤ ᠠᠷᠭ᠎ᠠ ᠶᠢ ᠲᠠᠶᠢᠯᠪᠤᠷᠢᠯᠠᠨ ᠥᠭᠴᠦ ᠪᠠᠶᠢᠨ᠎ᠠ | ᠤᠤᠯ ᠨᠢ ᠲᠦᠭᠦᠬᠡᠢ ᠵᠤᠤᠬ᠎ᠠ᠂ ᠭᠡᠷ ᠳᠣᠲᠣᠷ᠎ᠠ ᠨᠢ ᠪᠦᠷ ᠦᠨᠡᠰᠦ ᠪᠠᠶᠢᠵᠠᠢ᠂ ᠭᠡᠷ ᠠᠴᠠ ᠴᠠᠬᠢᠯᠭᠠᠨ ᠵᠤᠤᠬ᠎ᠠ | ᠤᠭᠰᠠᠷᠠᠵᠤ᠂ ᠠᠮᠤᠷ ᠲᠦᠪᠰᠢᠨ ᠮᠥᠷᠲᠡᠭᠡᠨ ᠠᠷᠢᠭᠤᠨ ᠴᠡᠪᠡᠷ᠂ ᠬᠤᠣᠷᠳᠠᠭᠳᠠᠬᠤ ᠦᠵᠡᠭᠳᠡᠯ ᠪᠠᠶᠢᠬᠤ ᠦᠭᠡᠢ᠂ ᠪᠠᠰᠠ | ᠴᠠᠬᠢᠯᠭᠠᠨ ᠳᠤᠯᠠᠭᠠᠴᠠ ᠪᠠᠰᠠ ᠥᠨᠳᠥᠷ᠂ ᠬᠠᠭᠠᠰ ᠰᠠᠷ᠎ᠠ ᠬᠡᠷᠡᠭᠯᠡᠵᠡᠢ᠂ ᠲᠤᠩ ᠰᠠᠶᠢᠨ᠃ ᠠᠲᠠᠷ ᠬᠠᠭ᠋ᠠᠯᠪᠤᠷᠢᠯᠠᠯᠲᠠ ᠶᠢᠨ | ᠠᠩᠭᠢ ᠵᠧᠨ ᡂᠢ ᠵᠢᠶᠠ ᠲᠤᠰᠬᠤᠨ ᠮᠠ ᠰᠢᠶᠠᠩ ᠬᠡᠯᠡᠭᠰᠡᠨ ᠨᠢ᠃ | ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠳᠤᠯᠠᠭᠠᠯᠠᠭ᠎ᠠ ᠶᠢᠨ ᠢᠨᠵᠧᠨᠧᠷᠢᠩ ᠨᠢ ᠲᠣᠰᠬᠤᠨ ᠤ ᠠᠷᠠᠳ ᠤᠨ | ᠨᠡᠭᠦᠷᠡᠰᠦ ᠰᠢᠲᠠᠭᠠᠬᠤ ︽ᠪᠤᠵᠠᠷ᠂ ᠡᠷᠦᠶ ᠬᠤᠷᠤᠶ ᠥᠬᠡᠶ᠂ ᠦᠬᠦᠬᠦ︾ ᠤᠯᠠᠮᠵᠢᠯᠠᠯᠲᠤ ᠠᠮᠢᠳᠤᠷᠠᠯ ᠤᠨ ᠠᠷᠭ᠎ᠠ ᠮᠠᠶ᠋ᠢᠭ ᠢ | ᠪᠦᠲᠦᠮᠵᠢᠲᠡᠶ ᠬᠤᠪᠢᠷᠠᠭᠤᠯᠵᠤ᠂ ᠢᠯᠴᠢ ᠬᠠᠩᠭᠠᠬᠤ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ᠂ ᠣᠯᠠᠨ ᠲᠦᠮᠡᠨ ᠤ | ᠴᠠᠬᠢᠯᠭᠠᠨ ᠬᠡᠷᠡᠭᠯᠡᠬᠦ ᠳᠤ ᠪᠠᠰᠠ ᠬᠠᠷᠠᠭᠠᠯᠵᠠᠯᠲᠤ ᠴᠠᠬᠢᠯᠭᠠᠨ ᠤ ᠦᠨ᠎ᠡ ᠬᠠᠩᠭᠠᠵᠤ ᠪᠣᠯᠤᠨ᠎ᠠ᠂ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠᠷ ᠪᠠᠷᠠᠬᠤ ᠥᠬᠡᠶ᠂ ᠴᠠᠬᠢᠯᠭᠠᠨ ᠬᠦᠴᠦᠨ ᠤ ᠳᠤᠯᠠᠭᠠᠯᠠᠭ᠎ᠠ ᠶᠢ | ᠣᠯᠠᠨ ᠲᠦᠮᠡᠨ ᠤ ᠬᠡᠷᠡᠭᠯᠡᠵᠦ ᠳᠡᠶᠢᠯᠬᠦ᠂ ᠠᠮᠤᠷ ᠲᠦᠪᠰᠢᠨ ᠢᠶᠠᠷ ᠡᠪᠦᠯᠵᠢᠬᠦ ᠠᠷᠭ᠎ᠠ ᠮᠠᠶ᠋ᠢᠭ ᠪᠣᠯᠭᠠᠵᠤ ᠪᠣᠯᠤᠨ᠎ᠠ᠃ | ᠱᠠᠩᠳᠤ ᠶᠢᠨ ᠴᠠᠬᠢᠯᠭᠠᠨ ᠬᠠᠩᠭᠠᠬᠤ ᠺᠣᠮᠫᠠᠨᠢ ᠵᠠᠰᠠᠭ ᠤᠨ ᠣᠷᠳᠣᠨ ᠤ ᠰᠢᠲᠠᠭᠠᠯᠭ᠎ᠠ ᠶᠢᠨ ᠨᠡᠭᠦᠷᠡᠰᠦ ᠶᠢ ᠰᠤᠯᠠ | ᠰᠢᠲᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠡᠭᠦᠷᠡᠰᠦ ᠶᠢ ᠴᠠᠬᠢᠯᠭᠠᠨ ᠬᠡᠷᠡᠭᠯᠡᠬᠦ ᠪᠣᠯᠭᠠᠨ ᠥᠭᠡᠷᠡᠴᠢᠯᠡᠬᠦ ᠬᠡᠷᠡᠭᠯᠡᠭᠴᠢ ᠶᠢᠨ ᠴᠠᠬᠢᠯᠭᠠᠨ ᠤ ᠲᠣᠤᠷ ᠢ | ᠵᠠᠯᠭᠠᠬᠤ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠣᠯᠠᠨ ᠤ ᠳᠤᠯᠠᠭᠠᠯᠠᠭ᠎ᠠ ᠶᠢᠨ ᠱᠠᠭᠠᠷᠳᠠᠯᠭ᠎ᠠ ᠶᠢ | ᠨᠠᠩ ᠰᠠᠶᠢᠲᠤᠷ ᠬᠠᠩᠭᠠᠨ᠎ᠠ᠃ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠳᠤ ᠣᠷᠣᠭᠤᠯᠤᠭᠰᠠᠨ ᠪᠥᠭᠡᠳ ᠪᠦᠬᠦᠯᠢ | ᠲᠣᠰᠬᠤᠨ ᠢᠶᠠᠷ ᠠᠬᠢᠭᠤᠯᠤᠭᠰᠠᠨ ᠣᠷᠣᠨ ᠪᠦᠰᠡ ᠳᠤ ᠥᠭᠡᠷᠡᠴᠢᠯᠡᠨ ᠵᠠᠯᠭᠠᠵᠤ ᠣᠷᠣᠭᠤᠯᠵᠤ᠂ ᠲᠣᠭᠲᠠᠭᠤᠨ ᠪᠥᠭᠡᠳ | ᠨᠠᠶᠢᠳᠠᠪᠤᠷᠢᠲᠠᠶ ᠴᠠᠬᠢᠯᠭᠠᠨ ᠬᠦᠴᠦᠨ ᠤ ᠬᠠᠩᠭᠠᠯᠭ᠎ᠠ ᠶᠢ ᠬᠠᠩᠭᠠᠬᠤ ᠶᠢᠨ ᠲᠥᠯᠥᠭᠡ᠂ ᠪᠢᠳᠡ ᠰᠠᠭᠤᠭᠠᠯᠢ ᠠᠷᠠᠳ ᠤᠨ | ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠳᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠮᠡᠳᠡᠯᠭᠡ ᠶᠢ | ᠲᠦᠭᠡᠮᠡᠯᠵᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠶᠢ ᠦᠨᠡᠨ ᠬᠦ ᠪᠠᠲᠤᠯᠠᠪᠠ᠃ | ᠣᠶᠢᠯᠠᠭᠠᠭᠰᠠᠨ ᠢᠶᠠᠷ᠂ 2023 - 2024 ᠣᠨ ᠳᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠶᠢ ᠢᠵᠢ | ᠪᠦᠷᠢᠳᠦᠭᠦᠯᠦᠨ ᠥᠭᠡᠷᠡᠴᠢᠯᠡᠨ ᠲᠠᠰ ᠳᠡᠪᠰᠢᠭᠦᠯᠵᠦ᠂ ᠴᠠᠬᠢᠯᠭᠠᠨ ᠤ ᠲᠣᠤᠷ ᠢ ᠬᠤᠲᠠ ᠶᠢᠨ ᠲᠣᠭᠤᠷᠢᠭ ᠵᠢᠴᠢ ᠬᠥᠳᠡᠭᠡ | ᠲᠣᠰᠬᠤᠨ ᠳᠤ ᠨᠡᠶᠢᠲᠡ 11 ᠰᠢᠶᠠᠩ ᠪᠠᠯᠭᠠᠰᠤᠨ ᠳᠤ ᠬᠤᠯᠪᠣᠭᠳᠠᠵᠤ᠂ ᠥᠭᠡᠷᠡᠴᠢᠯᠡᠬᠦ ᠡᠷᠦᠬᠡ ᠶᠢᠨ ᠲᠤᠭ᠎ᠠ ᠨᠡᠶᠢᠲᠡ | 23212 ᠡᠷᠦᠬᠡ ᠪᠠᠶᠢᠵᠤ᠂ 2.784 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠳᠥᠷᠪᠡᠨ ᠪᠦᠯᠦᠭ ᠬᠤᠪᠢᠶᠠᠨ | ᠬᠡᠷᠡᠭᠵᠢᠭᠦᠯᠦᠨ᠎ᠡ᠃ | | | | | ᠣᠷᠴᠢᠭᠤᠯᠣᠭᠴᠢ᠄ ᠬᠠᠨᠠᠭᠠᠷ | ᠬᠢᠨᠠᠭᠴᠢ᠄ ᠬᠠᠨᠠᠭᠠᠷ | |