ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠸᠧᠨ ᠾᠦᠢ ᠮᠣᠳᠣ ᠰᠢᠶᠠᠩ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/10/28
  2024 ᠣᠨ ᠤ 10 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ ᠨᠠᠷ ᠮᠣᠳᠣ ᠰᠢᠶᠠᠩ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠮᠣᠳᠣ ᠰᠢᠶᠠᠩ ᠤᠨ ᠨᠠᠮ ᠤᠨ ᠬᠤᠷᠢᠶᠠᠨ ᠤ ᠱᠦᠵᠢ ᠸᠧᠩ ᡁᠢ ᠵᠢᠶᠦ᠋ᠨ ᠵᠡᠷᠭᠡ ᠬᠥᠮᠦᠰ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃    ᠮᠣᠣ ᠳ᠋ᠦ᠋ ᠰᠢᠶᠠᠩ ᠤᠨ ᠴᠢᠩ ᠱᠦᠢ ᠭᠧᠦ᠂ ᠴᠢᠩ ᠱᠦᠢ ᠴᠢᠤᠸᠠᠨ ᠲᠣᠰᠬᠤᠨ ᠳᠤ᠂ ᠶᠠᠩ ᠸᠧᠨ ᠾᠦᠢ ᠡᠷᠦᠭᠡ ᠳᠤ ᠬᠦᠷᠴᠦ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠰᠣᠨᠣᠰᠬᠤ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠂ ᠨᠠᠮ ᠤᠨ ᠡᠭᠦᠷ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠤᠢᠢᠯᠠᠭᠠᠭᠰᠠᠨ ᠪᠥᠭᠡᠳ ᠲᠠᠷᠢᠶᠠᠴᠢᠳ ᠤᠨ ᠣᠷᠣᠯᠭ᠎ᠠ ᠶᠢ ᠳᠡᠭᠡᠭᠰᠢᠯᠡᠭᠦᠯᠬᠦ ᠲᠤᠬᠠᠢ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃    ᠶᠠᠩ ᠸᠧᠨ ᠾᠦᠢ᠂ ᠮᠣᠣ ᠳ᠋ᠦ᠋ ᠰᠢᠶᠠᠩ ᠲᠤᠰ ᠭᠠᠵᠠᠷ ᠣᠷᠣᠨ ᠤ ᠣᠨᠴᠠᠯᠢᠭ ᠲᠠᠢ ᠳᠠᠪᠠᠭᠤᠯᠢᠭ ᠲᠠᠭᠠᠨ ᠰᠠᠭᠤᠷᠢᠯᠠᠵᠤ᠂ ᠠᠵᠢᠯ ᠤᠨ ᠬᠢᠯᠠᠰ ᠴᠡᠭ ᠢ ᠦᠷᠭᠦᠯᠵᠢᠯᠡᠨ ᠠᠭᠤᠳᠠᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠬᠡᠯᠡᠪᠡ᠃ ᠭᠤᠣᠯᠳᠠᠯᠭ᠎ᠠ ᠶᠢ ᠲᠤᠪᠤᠶᠢᠯᠭᠠᠨ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠷᠳᠡᠭ ᠢ ᠭᠦᠨᠵᠡᠭᠡᠢ ᠠᠭᠤᠳᠠᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠣᠯᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠦᠨᠡᠨ ᠬᠦ ᠲᠣᠳᠣᠷᠬᠠᠶᠢᠯᠠᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠦᠷᠭᠦᠯᠵᠢᠯᠡᠨ ᠤᠨᠢᠨ ᠳᠡᠭᠡᠷ᠎ᠡ ᠨᠢ ᠥᠷᠨᠢᠭᠦᠯᠵᠦ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠴᠢᠨ ᠳᠤᠨᠢ ᠲᠤᠬᠢᠷᠠᠭᠤᠯᠤᠨ ᠡᠮ ᠥᠭᠴᠦ᠂ ᠬᠥᠮᠦᠨ ᠤ ᠪᠠᠶᠢᠳᠠᠯ ᠢ ᠦᠨᠳᠦᠰᠦᠯᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠮᠲᠤ ᠶᠢᠨ ᠠᠵᠤ ᠠᠬᠤᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠡᠭᠦᠷ ᠤᠨ ᠪᠠᠶᠢᠭᠤᠯᠤᠯᠲᠠ ᠶᠢ ᠪᠠᠬᠢᠵᠢᠭᠦᠯᠵᠦ᠂ ︽ᠳᠤᠯᠠᠭᠠᠨ ᠢᠨᠵᠧᠨᠧᠷᠢᠩ︾ ᠢ ᠦᠷᠭᠦᠯᠵᠢᠯᠡᠨ ᠰᠠᠶᠢᠲᠤᠷ ᠬᠢᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢᠨ ᠬᠠᠮᠲᠤ ᠪᠠᠬᠢᠵᠢᠭᠦᠯᠦᠨ ᠵᠣᠯᠭᠠᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2