ᠱᠠᠩᠳᠤ ᠰᠢᠶᠠᠨ᠄ ᠲᠠᠬᠢᠶᠠᠨ ᠴᠢᠬᠢ ᠲᠠᠷᠬᠠᠭᠠᠵᠤ ᠣᠷᠣᠯᠭ᠎ᠠ ᠶᠢ ᠨᠡᠮᠡᠭᠳᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠲᠠᠬᠢᠶ᠎ᠠ︾ ᠲᠠᠢ ᠤᠴᠠᠷᠠᠪᠠ
ᠨᠡᠶᠢᠲᠡᠯᠡᠭᠰᠡᠨ ᠴᠠᠭ᠄
2024/10/31
    10 ᠰᠠᠷ᠎ᠠ ᠶᠢᠨ 29 ᠤ ᠡᠳᠦᠷ᠂ ᠪᠡᠭᠡᠵᠢᠩ ᠬᠤᠲᠠ ᠶᠢᠨ ᠫᠢᠩ ᠬᠥ᠋ ᠲᠣᠭᠤᠷᠢᠭ ᠤᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠪᠡᠭᠡᠵᠢᠩ ᠬᠤᠲᠠ ᠶᠢᠨ ᠬᠤᠸᠠ ᠳ᠋ᠦ᠋ ᠢᠦᠶ ᠺᠸᠦ ᠶᠢᠨ ᠵᠢᠭᠦᠷᠲᠡᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠨ ᠦᠨ᠎ᠡ ᠲᠥᠯᠥᠪᠦᠷᠢ ᠥᠬᠡᠶ ᠪᠠᠷ ᠱᠠᠩᠳᠤ ᠰᠢᠶᠠᠨ ᠤ ᠬᠠᠨᠳᠢᠪᠯᠠᠭᠰᠠᠨ ᠲᠠᠬᠢᠶᠠᠨ ᠴᠢᠬᠢ ᠶᠢ ᠡᠷᠦᠬᠡ ᠳᠤ ᠲᠠᠷᠬᠠᠭᠠᠪᠠ᠃ ᠡᠭᠦᠨ ᠤ ᠵᠣᠷᠢᠯᠭ᠎ᠠ ᠨᠢ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ ᠶᠤᠮ᠃    ᠪᠥᠸᠧ ᠯᠢ ᠬᠤ᠋ ᠵᠢᠩ ᠰᠢᠶᠠᠩ ᠤᠨ ᠡᠯ ᠵᠢᠢ ᠨᠠᠭᠤᠷ ᠲᠣᠰᠬᠤᠨ ᠤ ᠴᠣᠷᠪᠠᠭ᠎ᠠ ᠲᠦᠭᠡᠭᠡᠬᠦ ᠲᠤᠬᠠᠢ ᠶᠢᠨ ᠲᠠᠯᠠᠪᠠᠢ ᠳᠤ᠂ ᠲᠣᠰᠬᠤᠨ ᠤ ᠺᠠᠳ᠋ᠷ ᠤᠷᠢᠳᠴᠢᠯᠠᠨ ᠪᠦᠷᠢᠳᠬᠡᠭᠰᠡᠨ ᠮᠡᠳᠡᠭᠡ ᠵᠠᠩᠭᠢ ᠶᠢ ᠦᠨᠳᠦᠰᠦᠯᠡᠨ ᠣᠪᠣᠭ ᠨᠡᠷ᠎ᠡ ᠪᠠᠨ ᠨᠠᠷᠢᠨ ᠬᠢᠨᠠᠮᠠᠭᠠᠢ ᠬᠠᠷᠭᠤᠭᠤᠯᠵᠤ᠂ ᠲᠠᠬᠢᠶᠠᠨ ᠴᠢᠬᠢ ᠶᠢ ᠡᠮᠬᠢ ᠵᠢᠷᠤᠮ ᠲᠠᠢ ᠲᠦᠭᠡᠭᠡᠪᠡ᠃ ᠲᠣᠰᠬᠤᠨ ᠤ ᠠᠷᠠᠳ ᠭᠤᠷᠪᠠ ᠲᠠᠪᠤ ᠪᠠᠷ ᠰᠦᠷᠦᠭᠯᠡᠵᠦ᠂ ᠤᠭᠤᠲᠠ ᠪᠠᠨ ᠪᠠᠷᠢᠵᠤ᠂ ᠰᠢᠩᠭᠡᠯᠢᠭ ᠢᠶᠠᠨ ᠪᠠᠷᠢᠵᠤ᠂ ᠲᠡᠷᠭᠡ ᠪᠠᠨ ᠲᠦᠯᠬᠢᠵᠦ ᠠᠪᠤᠨ᠎ᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠵᠢᠯᠲᠠᠳ ᠲᠤᠬᠠᠶ ᠶᠢᠨ ᠲᠠᠯᠠᠪᠠᠶ ᠳᠤ ᠲᠣᠰᠬᠤᠨ ᠤ ᠠᠷᠠᠳ ᠲᠤ ᠲᠠᠬᠢᠶᠠᠨ ᠴᠢᠬᠢ ᠲᠡᠵᠢᠭᠡᠨ ᠦᠷᠡᠵᠢᠭᠦᠯᠬᠦ ᠲᠡᠵᠢᠭᠡᠯ ᠪᠣᠷᠳᠤᠭ᠎ᠠ ᠰᠣᠩᠭᠤᠬᠤ᠂ ᠲᠡᠵᠢᠭᠡᠬᠦ ᠠᠷᠭ᠎ᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠩᠬᠠᠷᠬᠤ ᠵᠦᠶ᠋ᠯᠡᠰ ᠢ ᠨᠠᠷᠢᠨ ᠲᠠᠶᠢᠯᠪᠤᠷᠢᠯᠠᠪᠠ᠃    ᠡᠭᠦᠨ ᠤ ᠬᠠᠮᠲᠤ᠂ ᠱᠠᠩᠳᠤ ᠰᠢᠶᠠᠨ ᠤ ᠪᠤᠰᠤᠳ ᠰᠢᠶᠠᠩ ᠪᠠᠯᠭᠠᠰᠤᠨ ᠳᠤ ᠪᠡᠭᠡᠵᠢᠩ ᠬᠤᠲᠠ ᠶᠢᠨ ᠫᠢᠩ ᠭᠦ᠋ ᠲᠣᠭᠤᠷᠢᠭ ᠤᠨ ᠬᠠᠨᠳᠢᠪᠯᠠᠭᠰᠠᠨ ᠲᠠᠬᠢᠶᠠᠨ ᠴᠢᠬᠢ ᠶᠢ ᠴᠦ ᠡᠮᠬᠢ ᠵᠢᠷᠤᠮ ᠲᠠᠢ ᠲᠠᠷᠬᠠᠭᠠᠵᠤ ᠪᠠᠶᠢᠨ᠎ᠠ᠃    ︽ᠪᠡᠭᠡᠵᠢᠩ ᠬᠤᠲᠠ︾ ᠶᠢᠨ ᠫᠢᠩ ᠬᠥ᠋ ᠲᠣᠭᠤᠷᠢᠭ ᠤᠨ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ᠨᠡᠶᠢᠲᠡ 10 ᠲᠦᠮᠡᠨ ᠬᠢᠶᠠᠭ ᠬᠠᠨᠳᠢᠪᠯᠠᠬᠤ ᠶᠢ ᠬᠦᠰᠡᠵᠦ ᠪᠠᠶᠢᠨ᠎ᠠ᠃ ᠡᠨᠡ ᠵᠢᠯ 4 ᠲᠦᠮᠡᠨ ᠥᠳᠥ ᠬᠠᠨᠳᠢᠪᠯᠠᠵᠤ᠂ ᠢᠷᠡᠬᠦ ᠵᠢᠯ ᠳᠤ 6 ᠲᠦᠮᠡᠨ ᠥᠳᠥ ︵ᠲᠣᠰᠬᠤᠨ ᠤ ᠠᠷᠠᠳ ᠤᠨ ᠬᠦᠷᠢᠶ᠎ᠡ ᠬᠠᠰᠢᠶᠠᠨ ᠤ ᠠᠵᠤ ᠠᠬᠤᠶ ᠪᠠᠨ ᠬᠥᠭᠵᠢᠭᠦᠯᠬᠦ ᠶᠢ ᠳᠡᠮᠵᠢᠨ᠎ᠡ︶᠃ ᠪᠢᠳᠡ ᠬᠦᠷᠢᠶᠡᠨ ᠤ ᠠᠵᠤ ᠠᠬᠤᠶ ᠶᠢ ᠬᠥᠭᠵᠢᠭᠦᠯᠵᠦ᠂ ᠬᠦᠷᠢᠶ᠎ᠡ ᠳᠤ ᠳᠠᠬᠢᠶ᠎ᠠ ᠲᠡᠵᠢᠭᠡᠭᠰᠡᠨ ᠨᠢ ᠭᠤᠤᠯᠳᠠᠭᠤ ᠠᠷᠠᠳ ᠤᠯᠠᠨ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠲᠥᠯᠥᠭᠡ ᠶᠤᠮ᠂ ᠪᠠᠰᠠ ᠬᠠᠪᠰᠤᠷᠤᠨ ᠲᠡᠳᠬᠦᠬᠦ ᠠᠷᠭ᠎ᠠ ᠪᠠᠷᠢᠯ ᠢᠶᠠᠨ ᠥᠷᠭᠡᠳᠬᠡᠬᠦ ᠶᠢᠨ ᠲᠥᠯᠥᠭᠡ ᠶᠤᠮ᠂ ᠵᠠᠯᠭᠠᠭᠠᠳ ᠪᠢᠳᠡ ᠫᠢᠩ ᠭᠦ᠋ ᠲᠣᠭᠤᠷᠢᠭ ᠲᠠᠢ ᠵᠣᠯᠭᠠᠯᠴᠠᠭ᠎ᠠ ᠪᠠᠨ ᠴᠢᠩᠭᠠᠳᠬᠠᠵᠤ᠂ ᠱᠠᠩᠳᠤ ᠰᠢᠶᠠᠨ ᠳᠤ ᠨᠡᠩ ᠤᠯᠠᠨ ᠬᠥᠭᠵᠢᠯᠲᠡ ᠶᠢᠨ ᠡᠬᠢ ᠪᠠᠶᠠᠯᠢᠭ ᠢ ᠲᠡᠮᠡᠴᠡᠨ ᠤᠯᠬᠤ ᠪᠣᠯᠤᠨ᠎ᠠ︾ ᠭᠡᠵᠦ ᠬᠡᠯᠡᠪᠡ᠃    ᠪᠦᠷᠢᠳᠬᠡᠯ ᠢ ᠦᠨᠳᠦᠰᠦᠯᠡᠪᠡᠯ᠂ ᠲᠣᠰ ᠤᠳᠠᠭ᠎ᠠ ᠨᠡᠶᠢᠲᠡ 4000 ᠭᠠᠷᠤᠶ ᠲᠠᠬᠢᠶᠠᠨ ᠴᠢᠬᠢ ᠲᠠᠷᠬᠠᠭᠠᠵᠤ᠂ 3823 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ ᠵᠢᠱᠢᠯᠲᠡ ᠪᠠᠷ ᠡᠷᠦᠬᠡ ᠪᠦᠷᠢ ᠶᠢᠨ ᠣᠯᠠᠨ ᠲᠦᠮᠡᠨ ᠳᠤ ᠵᠢᠯ ᠤᠨ ᠣᠷᠣᠯᠭ᠎ᠠ 1600 ᠲᠥᠭᠦᠷᠢᠭ ᠨᠡᠮᠡᠭᠳᠡᠬᠦ ᠪᠣᠯᠤᠨ᠎ᠠ᠃ ᠲᠣᠰ ᠤᠳᠠᠭᠠᠨ ᠤ ᠲᠠᠬᠢᠶᠠᠨ ᠴᠢᠬᠢ ᠶᠢ ᠲᠠᠷᠬᠠᠭᠠᠬᠤ ᠪᠠᠷ ᠳᠠᠮᠵᠢᠭᠤᠯᠤᠨ᠂ ᠬᠦᠷᠢᠶᠡᠨ ᠤ ᠠᠵᠤ ᠠᠬᠤᠶ ᠶᠢᠨ ᠰᠠᠭᠤᠷᠢ ᠶᠢ ᠪᠠᠬᠢᠵᠢᠭᠦᠯᠵᠦ᠂ ᠲᠣᠰᠬᠤᠨ ᠤ ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠣᠯᠠᠨ ᠲᠦᠮᠡᠨ ᠢ ᠨᠢᠭᠡ ᠬᠤᠪᠢ ᠣᠷᠣᠯᠭ᠎ᠠ ᠶᠢᠨ ᠢᠷᠡᠯᠲᠡ ᠪᠠ ᠪᠠᠲᠤᠯᠠᠭ᠎ᠠ ᠪᠣᠯᠭᠠᠵᠤ᠂ ᠲᠠᠷᠢᠶᠠᠴᠢᠨ ᠡᠷᠦᠬᠡ ᠶᠢᠨ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠠᠷᠢᠶᠠᠴᠢᠨ ᠡᠷᠦᠬᠡ ᠶᠢ ᠥᠪᠡᠷ ᠤᠨ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠪᠠ᠃
ᠣᠷᠴᠢᠭᠤᠯᠣᠭᠴᠢ᠄  ᠬᠠᠨᠠᠭᠠᠷ ᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2