ᠱᠢ ᠪᠠ ᠴᠢᠩ ᠪᠠᠯᠭᠠᠰᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠣᠭᠤᠰᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/8
  9 ᠰᠠᠷ᠎ᠠ ᠶᠢᠨ 27 ᠤ ᠡᠳᠦᠷ᠂ ᠱᠢ ᠪᠠ ᠴᠢᠩ ᠪᠠᠯᠭᠠᠰᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠵᠤ᠂ ᠪᠦᠬᠦ ᠪᠠᠯᠭᠠᠰᠤᠨ ᠤ ᠰᠤᠷᠤᠯᠴᠠᠨ ᠲᠤᠭᠤᠰᠢᠯᠠᠭᠤᠯᠵᠤ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠪᠠᠶᠢᠷᠢᠯᠠᠭᠤᠯᠪᠠ᠃ ᠪᠠᠯᠭᠠᠰᠤᠨ ᠤ ᠪᠦᠬᠦ ᠺᠠᠳ᠋ᠷ᠂ ᠡᠯ᠎ᠡ ᠵᠠᠰᠠᠭ ᠵᠠᠬᠢᠷᠭᠠᠨ ᠤ ᠲᠣᠰᠬᠤᠨ ᠤ ᠱᠦᠵᠢ᠂ ᠨᠢᠭᠲᠠᠯᠠᠨ ᠪᠤᠳᠤᠭᠴᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠃ ᠪᠦᠬᠦ ᠪᠠᠯᠭᠠᠰᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠣᠯᠭᠠᠵᠤ᠂ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ᠃    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ᠨᠡᠪᠲᠡᠷᠡᠲᠡᠯ᠎ᠡ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠣᠶᠢᠯᠠᠭᠠᠭᠤᠯᠤᠨ ᠡᠵᠡᠮᠰᠢᠭᠦᠯᠵᠦ᠂ ᠭᠦᠨᠵᠡᠭᠡᠢ ᠰᠤᠷᠤᠯᠴᠠᠨ ᠨᠠᠷᠢᠨ ᠰᠤᠳᠤᠯᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠠᠭᠤᠴᠢᠨ ᠵᠤᠷᠰᠢᠯ ᠢᠶᠠᠨ ᠪᠠᠷᠢᠮᠲᠠᠯᠠᠬᠤ᠂ ᠳᠦᠷᠢᠮ ᠲᠣᠭᠲᠠᠭᠠᠯ ᠢᠶᠠᠨ ᠪᠠᠲᠤ ᠰᠠᠬᠢᠬᠤ ᠦᠵᠡᠯ ᠰᠠᠨᠠᠭ᠎ᠠ ᠣᠶᠢᠯᠠᠭᠠᠭᠳᠠᠬᠤᠨ ᠢ ᠲᠠᠰᠤᠷᠠᠯᠲᠠ ᠦᠭᠡᠢ ᠠᠷᠢᠯᠭᠠᠵᠤ᠂ ᠰᠢᠨ᠎ᠡ ᠬᠥᠭᠵᠢᠯᠲᠡ ᠶᠢᠨ ᠵᠠᠭᠪᠤᠷ ᠪᠣᠯᠤᠨ ᠠᠵᠢᠯ ᠤᠨ ᠠᠷᠭ᠎ᠠ ᠶᠢ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠱᠢ ᠪᠠ ᠴᠢᠩ ᠪᠠᠯᠭᠠᠰᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭᠠᠨ ᠤ ᠠᠤᠭ᠎ᠠ ᠲᠥᠰᠦᠪ ᠪᠣᠯᠤᠨ ᠡᠯ᠎ᠡ ᠵᠦᠢᠯ ᠤᠨ ᠡᠭᠦᠷᠭᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠳᠡᠢ ᠬᠡᠵᠡᠢ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2