ᠪᠥᠸᠧ ᠬᠤ᠋ ᠵᠢᠩ ᠰᠢᠶᠠᠩ ᠤᠨ ᠠᠶᠤᠯᠭᠦᠶ ᠦᠢᠯᠡᠳᠪᠦᠷᠢᠯᠡᠯ ᠪᠠ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ
ᠨᠡᠶᠢᠲᠡᠯᠡᠭᠰᠡᠨ ᠴᠠᠭ᠄
2024/10/8
    ᠰᠢᠶᠠᠩ ᠤᠨ ᠨᠠᠮ ᠤᠨ ᠬᠤᠷᠢᠶᠠᠨ ᠤ ᠱᠦᠵᠢ ᠶᠤᠸᠠᠨ ᠬᠤᠤ ᠨᠥᠬᠦᠷ ᠪᠥᠸᠧ ᠬᠤ᠋ ᠵᠢᠩ ᠰᠢᠶᠠᠩ ᠤᠨ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠶᠠᠩ ᠤᠨ ᠨᠠᠮ ᠤᠨ ᠬᠤᠷᠢᠶᠠᠨ ᠤ ᠱᠦᠵᠢ ᠶᠤᠸᠠᠨ ᠬᠤᠤ ᠨᠥᠬᠦᠷ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠰᠢᠶᠠᠩ ᠤᠨ ᠨᠠᠮ ᠤᠨ ᠬᠤᠷᠢᠶᠠᠨ ᠤ ᠱᠦᠵᠢ ᠶᠤᠸᠠᠨ ᠬᠤᠤ ᠨᠥᠬᠦᠷ ᠮᠠᠨ ᠤ ᠰᠢᠶᠠᠩ ᠤᠨ ᠣᠳᠣᠬᠠᠨ ᠤ ᠠᠶᠤᠯᠭᠦᠢ ᠦᠢᠯᠡᠳᠪᠦᠷᠢᠯᠡᠯ ᠪᠣᠯᠤᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠴᠢᠬᠤᠯᠠᠴᠢᠯᠠᠭᠰᠠᠨ ᠪᠠᠶᠢᠨ᠎ᠠ᠃    ᠨᠢᠭᠡ ᠳᠤ᠂ ᠰᠢᠶᠠᠩ ᠤᠨ ᠳᠣᠲᠣᠷᠠᠬᠢ ᠡᠯ᠎ᠡ ᠦᠢᠯᠡᠳᠪᠦᠷᠢ ᠳᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠦᠢᠯᠡᠳᠪᠦᠷᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠦᠢᠯᠡᠳᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠴᠢᠩᠭᠠᠳᠬᠠᠵᠤ᠂ ᠦᠢᠯᠡᠳᠪᠦᠷᠢ ᠶᠢᠨ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃    ᠬᠤᠶᠠᠷ᠂ ᠲᠠᠷᠢᠶᠠᠨ ᠭᠠᠵᠠᠷ ᠢ ᠬᠠᠳᠤᠵᠤ ᠬᠤᠷᠢᠶᠠᠬᠤ ᠠᠵᠢᠯ ᠵᠡᠷᠭᠡ ᠠᠮᠤ ᠪᠤᠳᠠᠭᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ᠲᠣᠰᠬᠤᠨ ᠤ ᠠᠷᠠᠳ ᠢ ᠬᠠᠪᠰᠤᠷᠤᠨ ᠠᠮᠤᠷ ᠲᠦᠪᠰᠢᠨ ᠤ ᠤᠬᠠᠮᠰᠠᠷ ᠢ ᠪᠣᠶ ᠪᠣᠯᠭᠠᠵᠤ᠂ ᠡᠯ᠎ᠡ ᠦᠢᠯᠡᠳᠪᠦᠷᠢᠯᠡᠯ ᠤᠨ ᠪᠠᠶᠢᠳᠠᠯ ᠳᠤ ᠠᠮᠤᠷ ᠲᠦᠪᠰᠢᠨ ᠤ ᠠᠰᠠᠭᠤᠳᠠᠯ ᠭᠠᠷᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃    ᠭᠤᠷᠪᠠ ᠳᠤ᠂ ᠵᠠᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠪᠣᠷᠣᠭᠠᠨ ᠤ ᠤᠯᠠᠷᠢᠯ ᠠᠴᠠ ᠪᠣᠯᠤᠭᠰᠠᠨ ᠵᠠᠮ ᠤᠨ ᠠᠮᠤᠷ ᠲᠦᠪᠰᠢᠨ ᠤ ᠬᠡᠮ ᠰᠣᠭᠤᠭ ᠢ ᠡᠷᠢᠵᠦ᠂ ᠵᠠᠮ ᠤᠨ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠵᠠᠮ ᠤᠨ ᠠᠮᠤᠷ ᠲᠦᠪᠰᠢᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠬᠥᠭᠦᠷᠭᠡ᠂ ᠵᠠᠮ ᠨᠤᠷᠠᠭᠰᠠᠨ ᠠᠴᠠ ᠪᠣᠯᠤᠭᠰᠠᠨ ᠬᠥᠮᠦᠨ ᠤ ᠪᠡᠶ᠎ᠡ ᠶᠢᠨ ᠰᠢᠷᠬᠠᠲᠤᠯ ᠤᠨ ᠬᠡᠷᠡᠭ ᠡᠭᠦᠰᠬᠦ ᠶᠢ ᠬᠤᠷᠢᠭᠯᠠᠬᠤ ᠬᠡᠷᠡᠭᠲᠡᠶ᠃    ᠳᠥᠷᠪᠡ᠂ ᠡᠯ᠎ᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠢᠳᠡᠪᠬᠢᠲᠡᠶ ᠪᠠᠷ ᠵᠢᠭᠰᠠᠭᠠᠨ ᠪᠠᠶᠢᠴᠠᠭᠠᠵᠤ᠂ ᠡᠯ᠎ᠡ ᠬᠠᠷᠢᠭᠤᠴᠠᠯᠭᠠᠲᠤ ᠺᠠᠳ᠋ᠷ ᠲᠤᠬᠠᠶ ᠶᠢᠨ ᠭᠠᠵᠠᠷ ᠲᠤᠨᠢ ᠬᠦᠷᠴᠦ ᠭᠡᠷ ᠪᠠᠶᠢᠰᠢᠩ ᠤᠨ ᠠᠮᠤᠷ ᠲᠦᠪᠰᠢᠨ ᠤ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠲᠠᠢ ᠭᠡᠷ ᠪᠠᠶᠢᠰᠢᠩ ᠢ ᠴᠠᠭ ᠲᠤᠬᠠᠶ ᠳᠤᠨᠢ ᠰᠢᠯᠵᠢᠭᠦᠯᠦᠨ ᠲᠥᠪᠬᠢᠨᠡᠭᠦᠯᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠠᠴᠠ ᠵᠠᠶᠢᠯᠠᠰᠬᠢᠬᠦ ᠬᠡᠷᠡᠭᠲᠡᠶ᠃    ᠲᠠᠪᠤ᠂ ᠭᠠᠯ ᠤᠨ ᠠᠶᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠶᠡᠭᠡ ᠬᠡᠮᠵᠢᠶ᠎ᠡ ᠪᠠᠷ ᠣᠪᠣᠭᠠᠯᠠᠵᠤ ᠪᠠᠶᠢᠭ᠎ᠠ ᠭᠠᠵᠠᠷ ᠲᠤ ᠭᠠᠯ ᠤᠨ ᠠᠶᠤᠯ ᠤᠨ ᠠᠶᠤᠯ ᠦᠭᠡᠶ ᠶᠢᠨ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠬᠡᠷᠪᠡ ᠭᠠᠯ ᠤᠨ ᠠᠶᠤᠯ ᠤᠨ ᠲᠦᠭᠰᠢᠭᠦᠷᠢ ᠭᠠᠷᠴᠤ ᠮᠡᠳᠡᠬᠦ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠦᠨ ᠰᠢᠶ᠋ᠳᠪᠦᠷᠢᠯᠡᠵᠦ᠂ ᠭᠠᠯ ᠤᠨ ᠠᠶᠤᠯ ᠭᠠᠷᠬᠤ ᠶᠢ ᠰᠡᠷᠭᠡᠶᠢᠯᠡᠬᠦ ᠬᠡᠷᠡᠭᠲᠡᠶ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠤᠨ ᠺᠠᠳ᠋ᠷ ᠪᠣᠯᠤᠨ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠠᠮᠤᠷ ᠲᠦᠪᠰᠢᠨ ᠤ ᠠᠰᠠᠭᠤᠳᠠᠯ ᠶᠡᠭᠡ ᠪᠠᠶᠢᠬᠤ ᠶᠢ ᠴᠢᠬᠤᠯᠠᠴᠢᠯᠠᠵᠤ᠂ ᠠᠮᠤᠷ ᠲᠦᠪᠰᠢᠨ ᠤ ᠬᠡᠮ ᠰᠣᠭᠤᠭ ᠢ ᠢᠳᠡᠪᠬᠢᠲᠡᠶ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠮᠤᠷ ᠲᠦᠪᠰᠢᠨ ᠤ ᠠᠰᠠᠭᠤᠳᠠᠯ ᠢ ᠣᠯᠵᠤ ᠮᠡᠳᠡᠪᠡᠯ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠵᠦ᠂ ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠬᠤ ᠬᠡᠷᠡᠭᠲᠡᠶ᠃ᠣᠷᠴᠢᠭᠤᠯᠣᠭᠴᠢ᠄  ᠬᠠᠨᠠᠭᠠᠷᠬᠢᠨᠠᠭᠴᠢ᠄  ᠬᠠᠨᠠᠭᠠᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2